ᠬᠤᠶᠠᠷᠰᠤᠮᠤ ᠪᠠᠯᠭᠠᠰᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠦᠴᠢᠷ ᠠᠰᠠᠭᠤᠳᠠᠯ ᠢ ᠰᠢᠢᠳᠪᠦᠷᠢᠯᠡᠵᠦ ᠠᠷᠠᠳ ᠲᠦᠮᠡᠨ ᠳᠤ ᠦᠢᠯᠡᠴᠢᠯᠡᠵᠦ ᠬᠠᠷᠢᠭᠤᠴᠠᠯᠭ᠎ᠠ ᠡᠭᠦᠷᠭᠡᠯᠡᠪᠡ
ᠨᠡᠶᠢᠲᠡᠯᠡᠭᠰᠡᠨ ᠴᠠᠭ᠄
2024/4/23
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠨᠠᠮ ᠤᠨ ᠲᠥᠯᠥᠭᠡᠯᠡᠭᠴᠢ ᠶᠢᠨ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︿ᠳᠥᠷᠪᠡ ᠶᠢ ᠲᠣᠭᠲᠠᠭᠠᠬᠤ ᠠᠵᠢᠯ ᠤᠨ ᠠᠷᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠯᠥᠭᠡᠯᠡᠭᠴᠢ ᠶᠢᠨ ︽ᠬᠤᠷᠠᠯ ᠳᠡᠭᠡᠷ᠎ᠡ ᠬᠠᠷᠢᠭᠤᠴᠠᠬᠤ︾᠎ ᠠᠴᠠ ︽ᠬᠤᠷᠠᠯ ᠤᠨ ᠳᠠᠷᠠᠭ᠎ᠠ ᠬᠠᠷᠢᠭᠤᠴᠠᠯᠭ᠎ᠠ ᠪᠠᠨ ᠭᠦᠢᠴᠡᠳᠬᠡᠬᠦ︾ ᠬᠦᠷᠲᠡᠯᠡᠬᠢ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠬᠤᠶᠠᠷᠰᠤᠮᠤ ᠪᠠᠯᠭᠠᠰᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠨᠠᠷᠢᠯᠢᠭ ᠣᠨᠣᠴᠠᠲᠠᠢ ᠪᠠᠷ ᠬᠦᠴᠦᠯᠡᠬᠦ ᠶᠢ ᠢᠮᠠᠭᠲᠠ ᠪᠠᠷᠢᠮᠲᠠᠯᠠᠨ᠂ ᠨᠠᠮ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡ ᠦᠭᠡ ᠬᠡᠯᠡᠵᠦ᠂ ᠠᠷᠠᠳ ᠤᠨ ᠲᠥᠯᠥᠭᠡ ᠠᠵᠢᠯ ᠬᠢᠬᠦ ᠶᠢ ᠦᠨᠡᠨᠬᠦ ᠪᠡᠶᠡᠯᠡᠭᠦᠯᠪᠡ᠃    ᠵᠢᠭᠰᠠᠭᠠᠯ ᠤᠨ ᠭᠠᠵᠠᠷ ᠤᠨ ᠲᠠᠪᠴᠠᠩ ᠪᠠᠶᠢᠭᠤᠯᠵᠤ᠂ ᠣᠯᠠᠨ ᠲᠦᠮᠡᠨ ᠲᠠᠢ ᠬᠠᠷᠢᠯᠴᠠᠵᠤ ᠳᠦᠷᠢᠮᠵᠢᠭᠦᠯᠪᠡ᠃ ᠬᠤᠶᠠᠷᠰᠤᠮᠤ ᠪᠠᠯᠭᠠᠰᠤ ᠨᠢ ᠲᠣᠭᠲᠠᠮᠠᠯ ᠲᠠᠯᠠᠪᠤᠷ᠂ ᠠᠯᠪᠠᠯᠠᠬᠤ ᠲᠥᠬᠦᠭᠡᠷᠦᠮᠵᠢ ᠲᠠᠢ᠂ ᠲᠡᠮᠳᠡᠭ ᠫᠠᠶᠢᠰᠠ ᠲᠠᠢ᠂ ᠠᠵᠢᠯ ᠤᠨ ᠳᠦᠷᠢᠮ ᠲᠠᠢ᠂ ᠬᠤᠯᠪᠣᠭᠠᠴᠢᠨ᠂ ᠠᠵᠢᠯ ᠤᠨ ᠡᠬᠡ ᠳᠠᠩᠰᠠ ᠲᠠᠢ ︽ᠵᠢᠷᠭᠤᠭ᠎ᠠ ᠶᠢ ᠪᠦᠷᠢᠳᠦᠭᠦᠯᠬᠦ︾ ᠪᠠᠷᠢᠮᠵᠢᠶ᠎ᠠ ᠶᠣᠰᠣᠭᠠᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯᠯᠠᠬᠤ ᠲᠠᠰᠤᠭ ᠢ 6 ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠪᠡ᠃ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮ ᠤᠨ ᠲᠥᠯᠥᠭᠡᠯᠡᠭᠴᠢ ᠶᠢ ᠬᠦᠯᠢᠶᠡᠨ ᠠᠪᠬᠤ ᠴᠠᠭ᠂ ᠦᠢᠯᠡᠴᠢᠯᠡᠭᠡᠨ ᠤ ᠵᠦᠢᠯᠡᠰ ᠵᠡᠷᠭᠡ ᠶᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠳᠤᠲᠠᠭᠠᠬᠤ ᠦᠭᠡᠢ᠂ ᠭᠤᠮᠣᠳᠠᠯ ᠱᠠᠭᠠᠷᠳᠠᠯᠭ᠎ᠠ ᠪᠠᠨ ᠶᠠᠷᠢᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ︽ᠨᠠᠮ ᠤᠨ ᠲᠥᠯᠥᠭᠡᠯᠡᠭᠴᠢ ᠬᠦᠯᠢᠶᠡᠨ ᠠᠪᠬᠤ ᠡᠳᠦᠷ︾᠎ ᠤᠨ ᠴᠠᠭ ᠢ ᠴᠢᠩᠭ᠎ᠠ ᠵᠢᠷᠤᠮᠯᠠᠨ ᠣᠯᠠᠨ ᠲᠦᠮᠡᠨ ᠢ ᠬᠦᠯᠢᠶᠡᠨ ᠠᠪᠴᠤ᠂ ᠣᠯᠠᠨ ᠲᠦᠮᠡᠨ ᠤ ᠠᠳᠠᠯᠢ ᠪᠤᠰᠤ ᠬᠦᠰᠡᠯ ᠱᠠᠭᠠᠷᠳᠠᠯᠭ᠎ᠠ ᠶᠢ ᠦᠨᠳᠦᠰᠦᠯᠡᠨ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ᠂ ᠲᠤᠰᠢᠶᠠᠨ ᠰᠢᠢᠳᠪᠦᠷᠢᠯᠡᠭᠦᠯᠬᠦ ᠰᠢᠯᠵᠢᠭᠦᠯᠦᠨ ᠰᠢᠢᠳᠪᠦᠷᠢᠯᠡᠭᠦᠯᠬᠦ᠂ ᠵᠢᠭᠠᠪᠤᠷᠢ ᠠᠪᠴᠤ ᠮᠡᠳᠡᠭᠦᠯᠬᠦ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠦᠭᠰᠡᠨ ᠦᠭᠡᠢ ᠠᠰᠠᠭᠤᠳᠠᠯ ᠢ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠠᠷᠠᠳ ᠤᠨ ᠰᠠᠨᠠᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠣᠳᠣ ᠪᠣᠯᠲᠠᠯ᠎ᠠ᠂ ᠣᠯᠠᠨ ᠲᠦᠮᠡᠨ ᠤ ᠠᠰᠠᠭᠤᠳᠠᠯ ᠢ ᠨᠡᠶᠢᠲᠡ 83 ᠬᠤᠪᠢ ᠰᠢᠢᠳᠪᠦᠷᠢᠯᠡᠪᠡ᠃    ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠤᠷᠲᠤ ᠬᠤᠭᠤᠴᠠᠭᠠᠨ ᠤ ᠦᠷ᠎ᠡ ᠪᠦᠲᠦᠮᠵᠢ ᠤᠯᠪᠠ᠃ ᠪᠠᠯᠭᠠᠰᠤᠨ ᠤ ᠨᠠᠮ ᠤᠨ ᠲᠥᠯᠥᠭᠡᠯᠡᠭᠴᠢ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠴᠢᠩᠭ᠎ᠠ ᠠᠩᠬᠠᠷᠴᠤ ᠨᠢᠭᠡᠳᠦᠭᠡᠷ ᠹᠷᠣᠨᠲ ᠲᠤ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ᠂ ᠣᠯᠠᠨ ᠲᠦᠮᠡᠨ ᠤ ᠬᠤᠯᠪᠣᠭᠳᠠᠯ ᠪᠦᠬᠦᠢ ᠪᠠᠴᠢᠮ ᠪᠡᠷᠬᠡ ᠵᠣᠪᠠᠨᠢᠯ ᠤᠨ ᠠᠰᠠᠭᠤᠳᠠᠯ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠣᠷᠣᠭᠤᠯᠤᠯᠲᠠ᠂ ᠲᠥᠷᠥᠯ ᠵᠦᠢᠯ ᠤᠨ ᠠᠬᠢᠴᠠ ᠪᠠ ᠨᠡᠶᠢᠭᠡᠮ ᠤᠨ ᠦᠷ᠎ᠡ ᠠᠰᠢᠭ ᠵᠡᠷᠭᠡ ᠪᠣᠳᠠᠲᠠᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠭᠠᠴᠠᠭᠠᠨ ᠤ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠶᠠᠷᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠳᠤᠷᠠᠳᠴᠤ᠂ ᠭᠠᠴᠠᠭᠠᠨ ᠤ ᠬᠥᠭᠵᠢᠯᠲᠡ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠰᠢᠨ᠎ᠡ ᠰᠠᠨᠠᠯ ᠳᠤᠷᠠᠳᠴᠤ᠂ ᠰᠢᠨ᠎ᠡ ᠠᠷᠭ᠎ᠠ ᠵᠠᠮ ᠬᠠᠩᠭᠠᠪᠠ᠃    ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠣᠯᠠᠨ ᠲᠦᠮᠡᠨ ᠳᠤ ᠣᠨᠣᠪᠴᠢᠲᠠᠢ ᠦᠢᠯᠡᠴᠢᠯᠡᠪᠡ᠃ ᠨᠠᠮ ᠤᠨ ᠲᠥᠯᠥᠭᠡᠯᠡᠭᠴᠢ ᠶᠢᠨ ᠭᠠᠵᠠᠷ ᠣᠷᠣᠨ᠂ ᠠᠵᠢᠯ ᠲᠥᠷᠥᠯ᠂ ᠣᠨᠴᠠ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠨᠡᠶᠢᠯᠡᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠂ ︽ᠭᠤᠣᠯ ᠰᠡᠳᠦᠪᠲᠦ ᠨᠠᠮ ᠤᠨ ᠡᠳᠦᠷ︾᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠨᠠᠮ ᠤᠨ ᠭᠡᠰᠢᠭᠦᠨ᠂ ᠣᠯᠠᠨ ᠲᠦᠮᠡᠨ ᠤ ᠭᠡᠷ ᠲᠤ ᠭᠦᠨᠵᠡᠭᠡᠶᠢᠷᠡᠨ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠣᠷᠣᠯᠠᠨ ᠭᠦᠢᠴᠡᠳᠬᠡᠵᠦ ᠥᠭᠬᠦ᠂ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠵᠡᠷᠭᠡ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ᠣᠳᠣ ᠪᠣᠯᠲᠠᠯ᠎ᠠ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠤᠷᠭᠠᠨ ᠬᠥᠮᠦᠵᠢᠯ ᠢ ᠬᠦᠷᠭᠡᠵᠦ ᠬᠠᠪᠰᠤᠷᠤᠨ ᠲᠡᠳᠬᠦᠬᠦ᠂ ᠣᠷᠣᠯᠠᠨ ᠬᠠᠪᠰᠤᠷᠴᠤ ᠣᠷᠣᠯᠠᠨ ᠭᠦᠢᠴᠡᠳᠬᠡᠬᠦ ᠵᠡᠷᠭᠡ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ 300 ᠭᠠᠷᠤᠢ ᠬᠥᠮᠦᠨ ᠳᠤ ᠦᠢᠯᠡᠴᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号