ᠪᠠᠶᠠᠨᠬᠤᠰᠢᠭᠤ ᠪᠠᠯᠭᠠᠰᠤ 4 ᠰᠠᠷ᠎ᠠ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠰᠠᠷ᠎ᠠ ᠶᠢᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 22᠎ ᠤᠨ ᠡᠳᠦᠷ᠂ ᠪᠠᠶᠠᠨᠬᠤᠰᠢᠭᠤ ᠪᠠᠯᠭᠠᠰᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠰᠠᠷ᠎ᠠ ᠶᠢᠨ ᠲᠣᠭᠲᠠᠮᠠᠯ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠳᠠᠭᠠᠭᠠᠴᠢᠯᠠᠨ ᠠᠪᠤᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠣᠳᠣᠬᠠᠨ ᠤ ᠪᠦᠬᠦ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠠᠳ᠂ ᠡᠯ᠎ᠡ ᠭᠠᠴᠠᠭ᠎ᠠ ᠶᠢ ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠤᠨ ᠡᠮᠦᠨ᠎ᠡ ᠬᠤᠶᠢᠨᠠᠬᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ᠂ ᠪᠠᠭᠠᠵᠢ ᠬᠡᠷᠡᠭᠰᠡᠯ ᠢ ᠢᠳᠬᠠᠨ ᠬᠤᠷᠢᠶᠠᠵᠤ ᠢᠳᠬᠠᠬᠤ᠂ ᠦᠷ᠎ᠡ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠡᠰᠡᠭ ᠬᠤᠪᠢᠶᠠᠨ ᠤᠳᠤᠷᠢᠳᠬᠤ᠂ ᠭᠠᠴᠠᠭᠠᠨ ᠤ ᠱᠦᠵᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠰᠠᠯᠪᠤᠷᠢ ᠪᠠᠭ᠎ᠠ ᠠᠩᠭᠢ᠂ ︽ᠬᠤᠩ ᠹᠧᠩ ᠢ ᠴᠠᠭᠳᠠᠭ᠎ᠠ︾᠎ ᠶᠢᠨ ᠡᠩᠨᠡᠭᠡ᠂ ᠠᠮᠤᠷ ᠲᠦᠪᠰᠢᠨ ᠤ ᠪᠠᠶᠢᠭᠤᠯᠤᠯᠲᠠ ᠶᠢᠨ ᠲᠤᠰᠬᠠᠢ ᠲᠤᠰᠢᠶᠠᠯᠲᠠᠨ ᠵᠡᠷᠭᠡ ᠬᠥᠮᠦᠰ ᠤᠨ ᠬᠦᠴᠦᠨ ᠢ ᠳᠠᠶᠢᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠵᠢᠴᠢ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠶ᠎ᠠ ᠣᠷᠣᠨ ᠤ 14 ᠲᠥᠷᠥᠯ ᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠬᠠᠷᠢᠭᠤᠴᠠᠯᠭᠠᠲᠠᠨ ᠢ ᠲᠣᠭᠲᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ 6 ᠲᠥᠷᠥᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠬᠠᠷᠢᠭᠤ ᠰᠤᠷᠪᠤᠯᠵᠢᠯᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠢ ᠪᠣᠯᠭᠠᠬᠤ ᠶᠢᠨ ᠬᠠᠮᠲᠤ᠂ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠢᠳᠬᠠᠨ ᠲᠤᠰᠢᠶᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠪᠣᠳᠠᠲᠠᠶᠢᠵᠢᠭᠤᠯᠵᠤ᠂ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠢ ᠪᠣᠯᠭᠠᠵᠤ᠂ ᠮᠠᠯᠴᠢᠨ ᠲᠠᠷᠢᠶᠠᠴᠢᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠤᠯᠢ ᠰᠤᠷᠬᠤ ᠶᠢ ᠵᠢᠷᠤᠮᠵᠢᠭᠤᠯᠬᠤ ᠪᠠ ᠪᠠᠶᠢᠩᠭᠤᠵᠢᠭᠤᠯᠬᠤ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠨ᠂ ᠪᠦᠬᠦ ᠪᠠᠯᠭᠠᠰᠤᠨ ᠤ ᠬᠠᠤᠯᠢ ᠶᠢ ᠰᠤᠷᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号