ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
   4 ᠰᠠᠷ᠎ᠠ ᠶᠢᠨ 22᠎ ᠤᠨ ᠡᠳᠦᠷ᠂ ᠪᠠᠶᠠᠨᠬᠤᠰᠢᠭᠤ ᠪᠠᠯᠭᠠᠰᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ ︽ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠵᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ︾ ︽ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠶ᠎ᠠ᠄ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ ᠶᠢ ᠠᠬᠢᠭᠤᠯᠬᠤ︾ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠤᠳᠤᠷᠢᠳᠬᠤ ᠺᠠᠳ᠋ᠷᠴᠤᠳ ᠤᠨ ᠲᠥᠷᠥᠯ ᠰᠠᠳᠤᠨ ᠤ ᠦᠷ᠎ᠡ ᠬᠡᠦᠬᠡᠳ ᠢᠶᠠᠨ ᠴᠢᠩᠭ᠎ᠠ ᠰᠠᠶᠢᠲᠤᠷ ᠬᠠᠮᠢᠶᠠᠷᠬᠤ ᠶᠢ ᠱᠠᠯᠠᠪᠳᠠᠭᠤᠯᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠪᠠᠯᠭᠠᠰᠤᠨ ᠤ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠣᠯᠪᠠᠰᠤᠷᠠᠭᠤᠯᠤᠯ ᠬᠢᠵᠦ᠂ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠡᠷᠡᠮᠵᠢᠯᠡᠭᠦᠯᠬᠦ ᠬᠥᠮᠦᠵᠢᠯ ᠤᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号