ᠰᠢᠨᠠᠵᠠᠮ ᠰᠤᠮᠤ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/23
   ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠪᠦᠲᠦᠮᠵᠢᠲᠡᠢ ᠰᠡᠷᠭᠡᠶᠢᠯᠡᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠤᠷᠢᠭᠯᠠᠵᠤ᠂ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠪᠠ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 22᠎ ᠤᠨ ᠡᠳᠦᠷ᠂ ᠰᠢᠨᠠᠵᠠᠮ ᠰᠤᠮᠤ ᠶᠢᠨ ᠠᠮᠤᠷ ᠲᠦᠪᠰᠢᠨ ᠤ ᠠᠯᠪᠠᠨ ᠭᠡᠷ᠂ ᠲᠣᠮᠢᠯᠠᠭᠰᠠᠨ ᠰᠠᠯᠪᠤᠷᠢ ᠰᠢᠨ ᠵᠢᠶᠠ ᠮᠣᠳᠣᠨ ᠭᠤᠣᠯ ᠰᠤᠷᠭᠠᠭᠤᠯᠢ ᠳᠤ ᠭᠦᠨᠵᠡᠭᠡᠶᠢᠷᠡᠨ᠂ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ︾ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠡᠬᠢᠯᠡᠮᠡᠭᠴᠡ ᠰᠢᠨᠠᠵᠠᠮ ᠭᠤᠣᠯ ᠰᠤᠷᠭᠠᠭᠤᠯᠢ ᠶᠢᠨ ᠵᠠᠬᠢᠷᠤᠯ ᠱᠤᠸᠠᠩ ᠹᠦ᠋ ᠰᠢᠨ ᠵᠢᠶᠠ ᠮᠦ ᠭᠤᠣᠯ ᠰᠤᠷᠭᠠᠭᠤᠯᠢ ᠶᠢ ᠲᠥᠯᠥᠭᠡᠯᠡᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠦ᠋ ᠴᠧᠩ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠤᠷᠢᠯᠭ᠎ᠠ ᠶᠢᠨ ᠪᠢᠴᠢᠭ ᠣᠯᠭᠤᠵᠤ᠂ ᠲᠣᠮᠢᠯᠠᠭᠰᠠᠨ ᠰᠠᠯᠪᠤᠷᠢ ᠨᠢ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠡᠯᠪᠡᠭ ᠪᠠᠶᠠᠯᠢᠭ ᠲᠤᠷᠰᠢᠯᠭ᠎ᠠ ᠪᠠᠷ ᠨᠠᠰᠤᠨ ᠳᠤ ᠦᠯᠦ ᠬᠦᠷᠦᠭᠰᠡᠳ ᠤᠨ ᠡᠷᠡᠭᠦᠯ ᠴᠢᠭᠢᠷᠠᠭ ᠢᠳᠡᠷᠡᠭᠦᠨ ᠢᠶᠠᠷ ᠥᠰᠦᠨ ᠪᠤᠶᠢᠵᠢᠬᠤ ᠶᠢ ᠬᠠᠮᠠᠭᠠᠯᠠᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠰᠠᠬᠢᠨ ᠬᠠᠮᠠᠭᠠᠯᠠᠬᠤ ᠶᠢ ᠬᠦᠰᠡᠨ ᠬᠦᠯᠢᠶᠡᠨ᠎ᠡ     ᠳᠠᠷᠠᠭ᠎ᠠ ᠨᠢ᠂ ᠦ᠋ ᠴᠧᠩ ᠴᠠᠭᠳᠠᠭ᠎ᠠ ︽ᠳᠣᠷᠣᠮᠵᠢᠯᠠᠯ ᠢ ᠡᠰᠡᠷᠭᠦᠴᠡᠬᠦ᠂ ᠥᠰᠦᠨ ᠪᠤᠶᠢᠵᠢᠬᠤ ᠶᠢ ᠬᠠᠮᠠᠭᠠᠯᠠᠬᠤ᠂ ᠡᠶ᠎ᠡ ᠵᠣᠬᠢᠴᠠᠯ ᠢ ᠴᠣᠭᠴᠠᠯᠠᠬᠤ︾᠎ ᠶᠢᠨ ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠲᠡᠷᠡ ᠰᠤᠷᠤᠭᠴᠢᠳ ᠤᠨ ᠰᠣᠨᠣᠰᠬᠤ ᠳᠤᠷᠠᠲᠠᠢ᠂ ᠰᠣᠨᠣᠰᠴᠤ ᠳᠡᠶᠢᠯᠬᠦ᠂ ᠬᠦᠯᠢᠶᠡᠨ ᠠᠪᠴᠤ ᠳᠡᠶᠢᠯᠬᠦ ᠦᠭᠡ ᠬᠡᠯᠡ᠂ ᠬᠡᠷᠡᠭ ᠢᠶᠠᠷ ᠬᠠᠤᠯᠢ ᠲᠠᠶᠢᠯᠪᠤᠷᠢᠯᠠᠬᠤ᠂ ᠬᠠᠤᠯᠢ ᠴᠠᠭᠠᠵᠠ ᠪᠠᠷ ᠲᠣᠭᠠᠴᠢᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠭᠤᠯᠭ᠎ᠠ᠂ ᠬᠤᠣᠷ ᠬᠥᠨᠥᠭᠡᠯ ᠵᠢᠴᠢ ᠬᠡᠷᠬᠢᠨ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠶᠢᠨ ᠠᠭᠤᠯᠭ᠎ᠠ ᠶᠢ ᠠᠮᠢᠳᠤᠯᠢᠭ ᠳᠦᠷᠰᠦᠯᠢᠭ ᠢᠶᠠᠷ ᠶᠠᠷᠢᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠢᠯᠡ ᠠᠵᠢᠯᠯᠠᠭ᠎ᠠ ᠶᠢᠨ ᠬᠦᠴᠦᠷᠬᠡᠭᠯᠡᠯ᠂ ᠦᠭᠡ ᠬᠡᠯᠡᠨ ᠤ ᠬᠦᠴᠦᠷᠬᠡᠭᠯᠡᠯ᠂ ᠰᠡᠳᠬᠢᠴᠡ ᠶᠢᠨ ᠬᠦᠴᠦᠷᠬᠡᠭᠯᠡᠯ ᠵᠡᠷᠭᠡ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠳᠠᠯᠢ ᠪᠤᠰᠤ ᠢᠯᠡᠷᠡᠭᠦᠯᠬᠦ ᠬᠡᠯᠪᠡᠷᠢ ᠶᠢ ᠲᠠᠨᠢᠭᠤᠯᠵᠤ᠂ ᠶᠠᠮᠠᠷ ᠶᠠᠮᠠᠷ ᠦᠢᠯᠡ ᠠᠵᠢᠯᠯᠠᠭ᠎ᠠ ᠪᠣᠯ ᠬᠠᠮᠲᠤ ᠰᠤᠷᠤᠭᠴᠢᠳ ᠤᠨ ᠬᠤᠭᠤᠷᠣᠨᠳᠣᠬᠢ ᠨᠠᠭᠠᠳᠬᠤ᠂ ᠶᠠᠮᠠᠷ ᠶᠠᠮᠠᠷ ᠦᠢᠯᠡ ᠠᠵᠢᠯᠯᠠᠭ᠎ᠠ ᠪᠣᠯ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠮᠥᠨ᠂ ᠡᠭᠦᠨ ᠤ ᠬᠠᠮᠲᠤ ᠤᠷᠢᠳᠴᠢᠯᠠᠨ ᠰᠡᠷᠭᠡᠶᠢᠯᠡᠬᠦ ᠠᠷᠭ᠎ᠠ᠂ ᠠᠷᠭᠠᠴᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠰᠤᠷᠤᠭᠴᠢᠳ ᠲᠤ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ︾᠎ ᠢ ᠭᠦᠨᠵᠡᠭᠡᠢ ᠣᠶᠢᠯᠠᠭᠠᠭᠤᠯᠬᠤ ᠶᠢᠨ ᠬᠠᠮᠲᠤ ᠵᠥᠪ ᠣᠨᠣᠪᠴᠢᠲᠠᠢ ᠠᠷᠭᠠᠴᠠᠬᠤ ᠠᠷᠭ᠎ᠠ ᠶᠢ ᠡᠵᠡᠮᠰᠢᠭᠦᠯᠬᠦ ᠶᠢᠨ ᠬᠠᠮᠲᠤ ᠰᠤᠷᠭᠠᠭᠤᠯᠢ᠂ ᠭᠡᠷ ᠪᠦᠯᠢ ᠪᠠ ᠨᠡᠶᠢᠭᠡᠮ ᠤᠨ ᠨᠢᠭᠡᠳᠦᠯᠲᠡᠢ ᠬᠦᠴᠦᠨ ᠢ ᠤᠷᠢᠶᠠᠯᠠᠵᠤ᠂ ᠰᠤᠷᠭᠠᠭᠤᠯᠢ ᠶᠢᠨ ᠬᠦᠷᠢᠶ᠎ᠡ ᠶᠢ ᠨᠠᠰᠤᠨ ᠳᠤ ᠦᠯᠦ ᠬᠦᠷᠦᠭᠰᠡᠳ ᠢ ᠳᠣᠷᠣᠮᠵᠢᠯᠠᠨ ᠭᠤᠲᠤᠭᠠᠬᠤ ᠪᠣᠯᠭᠠᠪᠠ᠃    ᠲᠤᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠬᠠᠤᠯᠢ ᠪᠠᠷ ᠵᠠᠰᠠᠬᠤ ᠵᠣᠷᠢᠭ ᠰᠠᠨᠠᠭᠠᠨ ᠤ ᠤᠬᠢᠶᠠᠯ ᠪᠣᠯᠬᠤ ᠶᠤᠮ᠃ ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠴᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠬᠠᠤᠯᠢ ᠪᠠᠷ ᠵᠠᠰᠠᠬᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠠᠯᠪᠠᠨ ᠭᠡᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠷᠭᠦᠯᠵᠢᠯᠡᠨ ᠰᠤᠷᠭᠠᠭᠤᠯᠢ᠂ ᠭᠡᠷ ᠤᠨ ᠠᠬᠠᠮᠠᠳ ᠲᠠᠢ ᠨᠡᠪᠲᠡᠷᠡᠯᠴᠡᠨ ᠬᠠᠷᠢᠯᠴᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠪᠠᠶᠢᠳᠠᠯ ᠢ ᠬᠠᠮᠲᠤ ᠪᠠᠷ ᠠᠩᠬᠠᠷᠴᠤ᠂ ᠰᠤᠷᠤᠭᠴᠢᠳ ᠤᠨ ᠰᠤᠷᠭᠠᠨ ᠬᠥᠮᠦᠵᠢᠯ ᠤᠨ ᠳᠤᠮᠳᠠ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠡᠦᠬᠡᠳ ᠤᠳ ᠲᠤ ᠨᠠᠷᠠᠨ ᠤ ᠭᠡᠷᠡᠯ ᠪᠠ ᠬᠦᠰᠡᠯ ᠡᠷᠡᠮᠡᠯᠵᠡᠯ ᠤᠨ ᠦᠰᠦᠨ ᠪᠤᠶᠢᠵᠢᠯᠲᠠ ᠶᠢᠨ ᠣᠷᠴᠢᠨ ᠨᠥᠬᠦᠴᠡᠯ ᠢ ᠪᠣᠢ ᠪᠣᠯᠭᠠᠵᠤ᠂ ᠰᠤᠷᠭᠠᠭᠤᠯᠢ ᠶᠢᠨ ᠬᠦᠷᠢᠶ᠎ᠡ ᠶᠢ ᠬᠡᠦᠬᠡᠳ ᠤᠳ ᠤᠨ ᠪᠠᠶᠠᠷ ᠬᠦᠷ ᠲᠠᠢ ᠰᠤᠷᠤᠯᠴᠠᠬᠤ᠂ ᠡᠷᠡᠭᠦᠯ ᠢᠶᠠᠷ ᠥᠰᠦᠨ ᠪᠤᠶᠢᠵᠢᠬᠤ ᠴᠡᠩᠭᠡᠯ ᠤᠨ ᠬᠦᠷᠢᠶᠡᠯᠡᠩ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号