ᠳᠥᠷᠥᠯᠵᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
   4 ᠰᠠᠷ᠎ᠠ ᠶᠢᠨ 22᠎ ᠤᠨ ᠡᠳᠦᠷ᠂ ᠳᠥᠷᠥᠯᠵᠢ ᠪᠠᠯᠭᠠᠰᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠹᠧᠩ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ︽ᠰᠢ ᠶᠢᠨ ᠫᠢᠩ ᠰᠣᠶᠣᠯ ᠤᠨ ᠳᠤᠬᠠᠢ ᠦᠬᠦᠯᠡᠭᠰᠡᠨ ᠨᠢ ︵2024 ᠣᠨ︶︾᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ︾ ︵ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠨ᠎ᠠ︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠭᠤᠷᠪᠠᠳᠤᠭᠠᠷ ᠪᠦᠯᠦᠭ ᠰᠠᠬᠢᠯᠭ᠎ᠠ ᠪᠠᠲᠤ ᠶᠢᠨ ᠰᠢᠳᠬᠡᠯ ᠥᠭᠬᠦ ᠬᠡᠷᠡᠭᠯᠡᠯᠲᠡ ᠶᠢᠨ ᠳᠦᠷᠢᠮ ᠢ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭ ᠪᠣᠯ ᠦᠨᠳᠦᠰᠦᠲᠡᠨ ᠬᠦᠴᠦᠷᠬᠡᠭ ᠪᠣᠯᠤᠨ᠎ᠠ᠂ ᠳᠤᠮᠳᠠᠳᠤ ᠶᠢᠨ ᠰᠢᠯᠢᠳᠡᠭ ᠰᠣᠶᠣᠯ ᠤᠨ ᠤᠳᠤᠮᠰᠢᠯ ᠢ ᠵᠠᠯᠭᠠᠮᠵᠢᠯᠠᠵᠤ᠂ ᠮᠠᠷᠺᠰ ᠤᠨ ᠦᠵᠡᠯ ᠤᠨ ᠦᠨᠡᠨ ᠶᠣᠰᠣᠨ ᠤ ᠬᠦᠴᠦᠨ ᠢ ᠨᠡᠩ ᠭᠦᠨᠵᠡᠭᠡᠢ ᠰᠤᠷᠤᠯᠴᠠᠨ ᠣᠶᠢᠯᠠᠭᠠᠵᠤ᠂ ᠡᠵᠡᠮᠰᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠬᠤᠪᠢᠰᠬᠠᠯ ᠤᠨ ᠰᠣᠶᠣᠯ ᠢ ᠶᠡᠭᠡ ᠪᠠᠷ ᠪᠠᠳᠠᠷᠠᠭᠤᠯᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠰᠦᠷ ᠢᠶᠠᠷ ᠲᠡᠦᠬᠡ ᠰᠣᠶᠣᠯ ᠤᠨ ᠤᠳᠤᠮᠰᠢᠯ ᠢ ᠵᠠᠯᠭᠠᠮᠵᠢᠯᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠰᠣᠶᠣᠯ ᠤᠨ ᠢᠲᠡᠭᠡᠯ ᠢ ᠴᠢᠩᠭᠠᠳᠬᠠᠵᠤ᠂ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号