ᠣᠨᠣᠯ ᠤᠨ ᠤᠷᠢᠬᠠᠨ ᠰᠠᠯᠬᠢ ᠶᠢ ᠤᠬᠠᠭᠤᠯᠤᠨ ᠲᠠᠶᠢᠯᠪᠤᠷᠢᠯᠠᠬᠤ ︽ᠳᠠᠭᠤᠨ︾᠎ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ
ᠨᠡᠶᠢᠲᠡᠯᠡᠭᠰᠡᠨ ᠴᠠᠭ᠄
2024/4/23
   ᠣᠯᠠᠨ ᠲᠦᠮᠡᠨ ᠬᠠᠮᠢᠭ᠎ᠠ ᠪᠠᠶᠢᠪᠠᠯ᠂ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ ᠲᠡᠨᠳᠡ ᠬᠦᠷᠲᠡᠯ᠎ᠡ ᠤᠷᠲᠤᠳᠬᠠᠵᠤ᠂ ᠣᠶᠢᠷ᠎ᠠ ᠳᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠠᠵᠢᠯᠯᠠᠵᠤ ᠳᠤᠮᠳᠠ ᠤᠷᠤᠰᠬᠠᠯ ᠳᠤ ᠣᠷᠣᠬᠤ︾ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠵᠤ ᠤᠬᠠᠭᠤᠯᠤᠨ ᠲᠠᠶᠢᠯᠪᠤᠷᠢᠯᠠᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠬᠤᠳᠠᠬᠤᠸᠠ ᠭᠠᠴᠠᠭᠠᠨ ᠤ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ᠂ ᠤᠬᠠᠭᠤᠯᠤᠨ ᠲᠠᠶᠢᠯᠪᠤᠷᠢᠯᠠᠭᠴᠢ ᠶᠠᠭ ᠰᠠᠶᠢᠬᠠᠨ ᠬᠠᠵᠠᠭᠤ ᠳᠠᠬᠢ ᠰᠢᠨ᠎ᠡ ᠲᠠᠷᠢᠶᠠᠴᠢᠨ ᠤ ᠨᠡᠶᠢᠲᠡᠯᠢᠭ ᠵᠢᠱᠢᠶ᠎ᠡ ᠶᠢ ᠰᠣᠨᠣᠰᠴᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠭᠤᠣᠯ ᠰᠡᠳᠦᠪ ᠨᠢ ᠢᠯᠡ ᠲᠣᠳᠣ᠂ ᠠᠮᠢᠳᠤᠯᠢᠭ ᠳᠦᠷᠰᠦᠯᠢᠭ ᠪᠠᠶᠢᠵᠤ᠂ ᠮᠠᠰᠢ ᠴᠢᠩᠭ᠎ᠠ ᠣᠨᠣᠯ ᠤᠨ ᠴᠢᠨᠠᠷ ᠪᠠ ᠬᠥᠲᠥᠯᠥᠨ ᠵᠢᠯᠣᠭᠤᠳᠬᠤ ᠴᠢᠨᠠᠷ ᠲᠠᠢ ᠪᠥᠭᠡᠳ ᠪᠠᠰᠠ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠣᠶᠢᠷᠠᠲᠤᠵᠤ᠂ ᠬᠠᠮᠤᠭ ᠤᠨ ᠪᠣᠷᠣᠭᠵᠢᠭᠤᠨ ᠦᠭᠡ ᠬᠡᠯᠡ ᠪᠠᠷ ᠨᠠᠮ ᠤᠨ ᠳᠠᠭᠤᠨ ᠪᠠ ᠣᠨᠣᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠠᠢ᠃    ︽ᠡᠨᠡ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠮᠠᠨ ᠤ ᠳᠡᠷᠭᠡᠳᠡ ᠮᠠᠰᠢ ᠣᠯᠠᠨ ᠦᠯᠢᠭᠡᠷ ᠳᠠᠭᠤᠷᠢᠶᠠᠯ ᠲᠠᠢ᠂ ᠰᠤᠷᠤᠯᠴᠠᠭᠤᠰᠢᠲᠠᠶ ᠬᠥᠮᠦᠰ ᠪᠣᠢ᠂ ᠪᠢ ᠥᠨᠥᠳᠦᠷ ᠤᠨ ᠰᠣᠷᠣᠭᠰᠠᠨ ᠵᠣᠷᠢᠭ ᠰᠠᠨᠠᠭ᠎ᠠ ᠪᠠᠨ ᠮᠠᠨ ᠤ ᠭᠠᠴᠠᠭᠠᠨ ᠤ ᠨᠡᠩ ᠣᠯᠠᠨ ᠲᠣᠰᠬᠤᠨ ᠤ ᠠᠷᠠᠳ ᠲᠤ ᠲᠠᠶᠢᠯᠪᠤᠷᠢᠯᠠᠨ ᠥᠭᠴᠦ᠂ ᠲᠡᠳᠡᠨ ᠢ ᠪᠠᠰᠠ ᠰᠤᠷᠤᠯᠴᠠᠭᠤᠯᠤᠶ᠎ᠠ︾ ᠭᠡᠵᠦ ᠪᠠᠶᠠᠨᠬᠤᠰᠢᠭᠤ ᠪᠠᠯᠭᠠᠰᠤᠨ ᠤ ᠬᠤᠲᠠ ᠬᠤᠸᠠ ᠭᠠᠴᠠᠭᠠᠨ ᠤ ᠡᠪᠯᠡᠯ ᠤᠨ ᠡᠭᠦᠷ ᠤᠨ ᠱᠦᠵᠢ ᠪᠦᠬᠡᠪᠠᠶᠠᠷ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠥᠭᠵᠢᠯᠲᠦ ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ ᠠᠭᠤᠷ ᠠᠮᠢᠰᠬᠤᠯ ᠠᠳᠠᠯᠢᠬᠠᠨ ᠬᠥᠭᠵᠢᠶᠡᠨᠲᠡᠢ ᠪᠠᠶᠢᠯ᠎ᠠ᠃ ᠤᠬᠠᠭᠤᠯᠤᠨ ᠲᠠᠶᠢᠯᠪᠤᠷᠢᠯᠠᠭᠴᠢ ᠨᠢᠭᠡ ᠨᠢᠭᠡ ᠪᠠᠷ ᠲᠠᠶᠢᠰᠠᠨ ᠳᠤ ᠭᠠᠷᠴᠤ ᠲᠠᠶᠢᠯᠪᠤᠷᠢᠯᠠᠵᠤ᠂ ︽ᠪᠠᠭ᠎ᠠ ᠡᠭᠦᠳᠡ︾᠎ ᠠᠴᠠ ᠭᠠᠷᠳᠠᠵᠤ᠂ ︽ᠶᠡᠭᠡ ᠶᠣᠰᠣ︾᠎ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠶᠠᠷᠢᠵᠤ᠂ ᠺᠠᠳ᠋ᠷ ᠣᠯᠠᠨ ᠲᠦᠮᠡᠨ ᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠭᠦᠨᠵᠡᠭᠡᠢ ᠤᠬᠠᠭᠤᠯᠪᠠ᠃ ᠣᠯᠠᠨ ᠲᠦᠮᠡᠨ ᠲᠠᠢ ᠤᠢᠢᠷᠠᠳᠤᠭᠰᠠᠨ᠂ ᠠᠭᠤᠷ ᠠᠮᠢᠰᠬᠤᠯ ᠲᠠᠢ ᠪᠠᠶᠢᠬᠤ᠂ ᠬᠠᠯᠠᠭᠤᠨ ᠠᠭᠤᠷ ᠬᠦᠷᠬᠦ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠦᠬᠦ ᠲᠣᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠨ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠳᠤᠮᠳᠠ ᠶᠢ ᠵᠣᠷᠢᠭᠤᠯᠬᠤ ᠴᠤᠭ ᠪᠠᠳᠠᠷᠠᠩᠭᠤᠢ ᠳᠦᠷᠰᠦ ᠪᠠᠶᠢᠳᠠᠯ ᠪᠠ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠵᠡᠢ᠃    ᠪᠠᠶᠠᠰᠬᠤᠯᠠᠩ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠥᠬᠡ ᠨᠡᠶᠢᠭᠡᠮ ᠲᠣᠭᠤᠷᠢᠭ ᠤᠨ ᠠᠵᠢᠯᠲᠠᠨ ᠮᠥᠨ᠂ ᠥᠨᠥᠳᠦᠷ ᠤᠨ ᠰᠤᠷᠤᠯᠴᠠᠯᠭ᠎ᠠ ᠪᠠᠷ ᠳᠠᠮᠵᠢᠨ᠂ ᠲᠡᠷᠡ ᠮᠠᠰᠢ ᠶᠡᠭᠡ ᠠᠰᠢᠭ ᠣᠷᠣᠯᠭ᠎ᠠ ᠣᠯᠵᠤ ᠪᠠᠶᠢᠨ᠎ᠠ᠃ ︽ᠣᠨᠣᠯ ᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠬᠤ ᠲᠠᠶᠢᠯᠪᠤᠷᠢᠯᠠᠯᠲᠠ ᠶᠢᠨ ᠠᠷᠭ᠎ᠠ ᠮᠠᠶ᠋ᠢᠭ ᠨᠢ ᠬᠥᠮᠦᠰ ᠤᠨ ᠣᠢ ᠤᠬᠠᠭᠠᠨ ᠢ ᠭᠦᠨᠵᠡᠭᠡᠶᠢᠷᠡᠭᠦᠯᠵᠦ᠂ ᠬᠥᠮᠦᠰ ᠲᠤ ᠣᠨᠣᠯ ᠤᠨ ᠮᠡᠳᠡᠯᠭᠡ ᠶᠢ ᠨᠡᠩ ᠠᠮᠠᠷᠬᠠᠨ ᠣᠶᠢᠯᠠᠭᠠᠭᠤᠯᠬᠤ ᠶᠢᠨ ᠬᠠᠮᠲᠤ ᠣᠨᠣᠯ ᠢᠶᠠᠷ ᠦᠢᠯᠡᠳᠦᠯᠭᠡ ᠶᠢ ᠵᠢᠯᠣᠭᠤᠳᠤᠭᠤᠯᠤᠨ᠎ᠠ᠃ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ᠂ ᠶᠠᠮᠠᠷ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢ ᠪᠣᠳᠣᠯᠬᠢᠯᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号