ᠡᠮᠴᠢᠯᠡᠭᠡ ᠬᠤᠯᠪᠣᠭᠠᠯᠠᠵᠤ ᠬᠠᠪᠰᠤᠷᠤᠨ ᠲᠡᠳᠬᠦᠵᠦ ᠠᠷᠠᠳ ᠣᠯᠠᠨ ᠤ ︽ᠡᠷᠡᠭᠦᠯ ᠮᠡᠨᠳᠦ ᠶᠢᠨ ᠬᠦᠰᠡᠯ︾᠎ ᠢ ᠬᠠᠮᠲᠤ ᠪᠠᠷ  ᠴᠤᠭᠴᠠᠯᠠᠨ᠎ᠠ
ᠨᠡᠶᠢᠲᠡᠯᠡᠭᠰᠡᠨ ᠴᠠᠭ᠄
2024/4/23
   ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠶᠢᠳᠢᠶᠠᠨ ᠲᠣᠭᠤᠷᠢᠭ ᠤᠨ ︽ᠪᠦᠯᠬᠦᠮ ᠪᠠᠶᠢᠭᠤᠯᠬᠤ ᠬᠡᠯᠪᠡᠷᠢ︾᠎ ᠪᠠᠷ ᠬᠠᠪᠰᠤᠷᠤᠨ ᠲᠡᠳᠬᠦᠬᠦ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠪᠦᠯᠬᠦᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠨᠳᠦᠰᠦᠯᠡᠵᠦ᠂ ᠪᠡᠭᠡᠵᠢᠩ ᠤᠨ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠷᠢ ᠲᠦᠪᠰᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ︽ᠭᠡᠷ ᠤᠨ ᠡᠭᠦᠳᠡ︾᠎ ᠳᠤ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭ᠎ᠠ ᠳᠤ᠂ ᠪᠡᠭᠡᠵᠢᠩ ᠬᠤᠲᠠ ᠶᠢᠨ ᠵᠦᠩ ᠭᠤᠸᠠᠨ ᠼᠦᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠰᠠᠯᠠᠭᠠᠨ ᠤ ᠭᠤᠤᠯᠯᠠᠭᠴᠢ ᠡᠮᠴᠢ ᠲᠢᠶᠠᠨ ᠬᠤᠤ ᠴᠧᠨ ᠶᠠᠭ ᠬᠦᠯᠢᠴᠡᠩᠭᠦᠢ ᠨᠢᠮᠪᠠᠢ ᠡᠪᠡᠳᠴᠢᠲᠡᠨ ᠠᠴᠠ ᠠᠰᠠᠭᠤᠨ ᠣᠨᠣᠰᠢᠯᠠᠬᠤ᠂ ᠨᠣᠮᠧᠷᠲᠤ ᠰᠤᠳᠠᠯ᠂ ᠵᠡᠭᠦᠦ ᠲᠥᠭᠡᠨᠡᠯᠭᠡ᠂ ᠲᠤᠰᠬᠠᠢ ᠮᠡᠷᠭᠡᠵᠢᠯ ᠤᠨ ᠡᠪᠡᠳᠴᠢᠨ ᠦᠵᠡᠭᠦᠯᠬᠦ ᠦᠢᠯᠡᠴᠢᠯᠡᠭᠡ ᠬᠠᠩᠭᠠᠵᠤ ᠪᠠᠶᠢᠨ᠎ᠠ᠃ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠭᠡ ᠰᠦᠮ᠎ᠡ ᠨᠡᠶᠢᠭᠡᠮ ᠲᠣᠭᠤᠷᠢᠭ ᠤᠨ ᠡᠪᠡᠳᠴᠢᠲᠡᠨ ᠶᠢᠨ ᠯᠢᠩ ᠬᠢᠲᠠᠳ ᠡᠮᠨᠡᠯᠭᠡ ᠶᠢᠨ ᠰᠠᠯᠠᠭᠠᠨ ᠳᠤ ᠬᠦᠷᠴᠦ ᠲᠠᠯ᠎ᠠ ᠲᠣᠯᠣᠭᠠᠢ ᠡᠪᠡᠳᠬᠦ ᠶᠢ ᠵᠠᠰᠠᠵᠤ᠂ ᠲᠢᠶᠠᠨ ᠡᠮᠴᠢ ᠲᠡᠭᠦᠨ ᠳᠤ ᠡᠮ ᠥᠭᠴᠦ᠂ ᠵᠡᠭᠦᠦ ᠲᠥᠭᠡᠨᠡᠯᠭᠡ᠂ ᠡᠪᠡᠳᠴᠢᠨ ᠤ ᠪᠠᠶᠢᠳᠠᠯ ᠢᠯᠡᠳᠲᠡ ᠰᠠᠶᠢᠵᠢᠷᠠᠪᠠ᠃    ︽ᠰᠣᠨᠣᠰᠬᠤᠯᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢ᠊ ᠡᠶ᠎ᠡ ᠪᠡᠭᠡᠵᠢᠩ ᠤᠨ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠢᠷᠡᠵᠦ᠂ ᠪᠢ ᠢᠷᠡᠵᠦ ᠵᠡᠭᠦᠦ ᠲᠥᠭᠡᠨᠡᠯᠭᠡ ᠶᠢ ᠦᠵᠡᠭᠡᠳ᠂ ᠪᠠᠰᠠ ᠵᠢᠭᠠᠬᠠᠨ ᠬᠢᠲᠠᠳ ᠡᠮ ᠬᠤᠳᠠᠯᠳᠤᠨ ᠠᠪᠴᠤ᠂ ᠡᠮᠴᠢ ᠶᠢᠨ ᠡᠮᠴᠢᠯᠡᠭᠡ ᠪᠠᠷ ᠳᠠᠮᠵᠢᠨ᠂ ᠡᠪᠡᠳᠴᠢᠨ ᠤ ᠪᠠᠶᠢᠳᠠᠯ ᠨᠢ ᠨᠢᠭᠡᠨᠲᠡ ᠢᠯᠡᠳᠲᠡ ᠰᠠᠶᠢᠵᠢᠷᠠᠵᠤ᠂ ᠬᠤᠯᠠ ᠭᠠᠷᠬᠤ ᠦᠭᠡᠢ ᠪᠠᠷ ᠪᠡᠭᠡᠵᠢᠩ ᠤᠨ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠪᠢᠳᠡᠨ ᠳᠤ ᠳᠥᠭᠦᠮ ᠦᠢᠯᠡᠴᠢᠯᠡᠭᠡ ᠬᠠᠩᠭᠠᠵᠤ᠂ ᠮᠠᠰᠢ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ︾  ᠬᠡᠵᠤ ᠡᠪᠡᠳᠴᠢᠲᠡᠨ ᠬᠡᠯᠡᠪᠡ᠃    ᠡᠨᠡ ᠵᠢᠯ ᠠᠴᠠ ᠨᠠᠰᠢ᠂ ᠪᠡᠭᠡᠵᠢᠩ ᠬᠤᠲᠠ ᠶᠢᠨ ᠵᠦᠩ ᠭᠤᠸᠠᠨ ᠼᠦᠨ ᠡᠮᠨᠡᠯᠭᠡ ᠶᠢᠨ ᠬᠤᠷᠢᠶ᠎ᠠ 3 ᠭᠤᠣᠯᠯᠠᠭᠴᠢ ᠪᠦᠷᠢᠯᠳᠦᠬᠦᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠪᠦᠯᠬᠦᠮ ᠢ ᠰᠣᠩᠭᠤᠨ ᠲᠣᠮᠢᠯᠠᠵᠤ᠂ ᠠᠨᠠᠭᠠᠬᠤ ᠤᠬᠠᠭᠠᠨ ᠤ ᠵᠢᠷᠤᠭ ᠳᠦᠷᠰᠦ᠂ ᠳᠣᠲᠣᠷ ᠰᠠᠯᠠᠭ᠎ᠠ᠂ ᠬᠢᠲᠠᠳ ᠡᠮᠨᠡᠯᠭᠡ ᠵᠡᠷᠭᠡ ᠲᠤᠰᠬᠠᠢ ᠮᠡᠷᠭᠡᠵᠢᠯ ᠤᠨ ᠬᠦᠷᠢᠶ᠎ᠡ ᠶᠢ ᠬᠠᠮᠤᠷᠴᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠠᠪᠰᠤᠷᠤᠨ ᠲᠡᠳᠬᠦᠭᠰᠡᠨ ᠪᠠᠶᠢᠨ᠎ᠠ᠃    ︽ᠬᠢᠲᠠᠳ ᠡᠮᠨᠡᠯᠭᠡ ᠶᠢᠨ ᠡᠮᠴᠢ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠣᠯᠠᠨ ᠳᠤ ᠪᠠᠭ᠎ᠠ ᠰᠠᠭ᠎ᠠ ᠪᠣᠳᠠᠲᠤ ᠶᠠᠪᠤᠳᠠᠯ ᠬᠢᠵᠦ ᠥᠭᠬᠦ ᠳᠤ ᠮᠠᠰᠢ ᠠᠵᠠ ᠵᠠᠪᠰᠢᠶᠠᠨ ᠲᠠᠢ᠂ ᠠᠷᠠᠳ ᠣᠯᠠᠨ ᠤ ᠬᠦᠰᠡᠵᠦ ᠪᠠᠶᠢᠭ᠎ᠠ ᠬᠠᠷᠠᠴᠠ ᠶᠢ ᠣᠯᠵᠤ ᠬᠠᠷᠠᠵᠤ᠂ ᠲᠡᠳᠡᠨ ᠤ ᠪᠣᠷᠣᠭᠵᠢᠭᠤᠨ ᠦᠭᠡ ᠶᠠᠷᠢᠶ᠎ᠠ ᠶᠢ ᠰᠣᠨᠣᠰᠬᠤᠯᠠᠷ ᠪᠢᠳᠡᠨ ᠤ ᠴᠢᠷᠮᠠᠶᠢᠨ ᠠᠵᠢᠯᠯᠠᠵᠤ᠂ ᠠᠷᠠᠳ ᠣᠯᠠᠨ ᠢ ᠨᠡᠩ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠨᠡᠩ ᠣᠯᠠᠨ ᠡᠮᠴᠢᠯᠡᠭᠡᠨ ᠤ ᠡᠬᠢ ᠪᠠᠶᠠᠯᠢᠭ ᠢ ᠡᠪᠡᠳᠴᠢᠲᠡᠨ ᠤ ᠳᠡᠷᠭᠡᠳᠡ ᠬᠦᠷᠭᠡᠬᠦ ᠬᠡᠷᠡᠭᠲᠡᠢ︾ ᠭᠡᠵᠦ ᠵᠣᠷᠢᠭᠵᠢᠭᠤᠯᠪᠠ᠃   ᠪᠡᠭᠡᠵᠢᠩ ᠬᠤᠲᠠ ᠶᠢᠨ ᠵᠦᠩ ᠭᠤᠸᠠᠨ ᠼᠦᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠠᠪᠰᠤᠷᠤᠨ ᠲᠡᠳᠬᠦᠬᠦ ᠪᠦᠯᠬᠦᠮ ᠤᠨ ᠲᠤᠰᠠᠯᠠᠮᠵᠢ ᠦᠵᠡᠭᠦᠯᠵᠦ᠂ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠪᠦᠯᠬᠦᠮ ᠢᠶᠠᠷ ᠪᠦᠯᠬᠦᠮ ᠢ ᠳᠠᠶᠢᠴᠢᠯᠠᠵᠤ᠂ ︽ᠴᠢᠰᠤ ᠶᠡᠭᠦᠯᠡᠬᠦ︾᠎ ᠶᠢ ︽ᠴᠢᠰᠤ ᠪᠦᠲᠦᠭᠡᠬᠦ︾ ᠪᠣᠯᠭᠠᠨ ᠬᠤᠪᠢᠷᠠᠭᠤᠯᠵᠤ᠂ ᠲᠤᠰᠠᠯᠠᠮᠵᠢ ᠬᠦᠷᠲᠡᠬᠦ ᠨᠢᠭᠡᠴᠡ ᠶᠢᠨ ᠡᠮ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ᠂ ᠪᠡᠭᠡᠵᠢᠩ ᠬᠤᠲᠠ ᠶᠢᠨ ᠵᠦᠩ ᠭᠤᠸᠠᠨ ᠼᠦᠨ ᠡᠮᠨᠡᠯᠭᠡ ᠶᠢᠨ ᠬᠤᠷᠢᠶᠠᠨ ᠤ ᠰᠠᠴᠤᠷᠠᠭ ᠢᠳᠡᠪᠬᠢ ᠰᠠᠯᠠᠭᠠᠨ ᠤ ᠡᠷᠬᠢᠯᠡᠭᠴᠢ ᠡᠮᠴᠢ ᠳ᠋ᠦᠩ ᠰᠢᠨ ᠶᠠᠭ ᠲᠤᠰ ᠡᠮᠨᠡᠯᠭᠡ ᠶᠢᠨ ᠬᠤᠷᠢᠶᠠᠨ ᠤ ᠡᠮᠴᠢ ᠲᠠᠢ ᠬᠠᠮᠲᠤ ᠪᠠᠷ ᠺᠢᠨᠣ᠋ ᠦᠵᠡᠵᠦ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠶᠠᠷᠢᠯᠴᠠᠵᠤ ᠪᠠᠶᠢᠬᠤ ᠪᠥᠭᠡᠳ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠤᠰᠬᠠᠢ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ ᠪᠠᠶᠢᠨ᠎ᠠ᠃    ︽ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠬᠤᠭᠤᠴᠠᠭᠠᠨ ᠳᠤ᠂ ᠭᠠᠷ ᠲᠠᠯᠪᠢᠨ ᠵᠢᠭᠠᠨ ᠰᠤᠷᠭᠠᠬᠤ ᠶᠢᠨ ᠬᠠᠮᠲᠤ᠂ ᠪᠢ ᠠᠯᠢ ᠴᠢᠳᠠᠬᠤ ᠪᠠᠷ ᠲᠤᠬᠠᠢ ᠶᠢᠨ ᠭᠠᠵᠠᠷ ᠤᠨ ᠡᠮᠴᠢ ᠶᠢ ᠥᠪᠡᠷ ᠢᠶᠠᠷ ᠠᠵᠢᠯᠯᠠᠭᠤᠯᠵᠤ᠂ ︿ᠭᠠᠷ ᠢᠶᠠᠨ ᠲᠠᠯᠪᠢᠵᠤ ᠨᠢᠳᠦ ᠲᠠᠯᠪᠢᠬᠤ ᠦᠭᠡᠢ﹀ ᠪᠠᠶᠢᠬᠤ ᠶᠢ ᠪᠡᠶᠡᠯᠡᠭᠦᠯᠵᠦ᠂ ᠰᠠᠯᠠᠭ᠎ᠠ ᠲᠠᠰᠤᠭ ᠤᠨ ᠬᠠᠮᠲᠤ ᠠᠵᠢᠯᠯᠠᠭᠰᠠᠳ ᠲᠠᠢ ᠬᠠᠮᠲᠤ ᠺᠢᠨᠣ᠋ ᠦᠵᠡᠵᠦ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠶᠠᠷᠢᠯᠴᠠᠵᠤ᠂ ᠪᠡᠭᠡᠵᠢᠩ ᠤᠨ ᠪᠠᠶᠠᠯᠢᠭ ᠲᠤᠷᠰᠢᠯᠭ᠎ᠠ᠂ ᠮᠡᠳᠡᠯᠭᠡ ᠶᠢ ᠠᠳᠡ ᠠᠪᠴᠢᠷᠠᠬᠤ ᠶᠢᠨ ᠬᠠᠮᠲᠤ᠂ ᠪᠢ ᠪᠠᠰᠠ ᠲᠤᠬᠠᠢ ᠶᠢᠨ ᠭᠠᠵᠠᠷ ᠤᠨ ᠡᠮᠴᠢ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠴᠢᠳᠠᠪᠤᠷᠢ ᠪᠠ ᠵᠣᠷᠢᠭ ᠰᠠᠨᠠᠭ᠎ᠠ ᠶᠢ ᠰᠤᠷᠤᠯᠴᠠᠵᠤ᠂ ᠪᠢᠳᠡ ᠬᠠᠮᠲᠤ ᠪᠠᠷ ᠴᠢᠷᠮᠠᠶᠢᠵᠤ᠂ ᠡᠪᠡᠳᠴᠢᠲᠡᠨ ᠳᠤ ᠨᠡᠩ ᠣᠨᠣᠪᠴᠢᠲᠠᠢ ᠣᠨᠣᠰᠢᠯᠠᠯᠲᠠ ᠬᠠᠩᠭᠠᠪᠠ᠃︾ ᠬᠡᠵᠤ ᠪᠡᠭᠡᠵᠢᠩ ᠬᠤᠲᠠ ᠶᠢᠨ ᠵᠦᠩ ᠭᠤᠸᠠᠨ ᠼᠦᠨ ᠡᠮᠨᠡᠯᠭᠡ ᠶᠢᠨ ᠬᠤᠷᠢᠶᠠᠨ ᠤ ᠰᠠᠴᠤᠷᠠᠭ ᠢᠳᠡᠪᠬᠢ ᠤᠨ ᠰᠠᠯᠠᠭᠠᠨ ᠤ ᠡᠷᠬᠢᠯᠡᠭᠴᠢ ᠡᠮᠴᠢ ᠳ᠋ᠦᠩ ᠰᠢᠨ ᠬᠡᠯᠡᠪᠡ᠃    ᠣᠶᠢᠯᠠᠭᠠᠭᠰᠠᠨ ᠢᠶᠠᠷ᠂ 2021 ᠣᠨ ᠠᠴᠠ ᠣᠳᠣ ᠪᠣᠯᠲᠠᠯ᠎ᠠ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠨᠢᠭᠡᠴᠡ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠨᠡᠶᠢᠲᠡ 110 ᠭᠠᠷᠤᠢ ᠬᠥᠮᠦᠨ ᠤᠳᠠᠭ᠎ᠠ ᠬᠦᠷᠭᠡᠵᠦ᠂ ᠲᠣᠮᠣ ᠳᠤᠮᠳᠠ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡ ᠬᠢᠵᠦ᠂ 300 ᠭᠠᠷᠤᠢ ᠤᠳᠠᠭ᠎ᠠ ᠮᠡᠰᠡ ᠵᠠᠰᠠᠯ ᠬᠢᠵᠦ᠂ ᠡᠮᠨᠡᠯᠭᠡ ᠶᠢᠨ ᠠᠵᠢᠯᠲᠠᠨ ᠢ 700 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ ᠪᠦᠬᠦ ᠬᠤᠰᠢᠭᠤᠨ ᠤ ᠣᠯᠠᠨ ᠲᠦᠮᠡᠨ ᠳᠤ 2 ᠲᠦᠮᠡ ᠭᠠᠷᠤᠢ ᠬᠥᠮᠦᠨ ᠤᠳᠠᠭ᠎ᠠ ᠠᠰᠢᠭ ᠬᠦᠷᠲᠡᠭᠡᠵᠦ᠂ ᠡᠮᠴᠢᠯᠡᠭᠡᠨ ᠤ ᠮᠡᠷᠭᠡᠵᠢᠯ ᠤᠨ ᠬᠤᠭᠤᠰᠣᠨ ᠢ 6 ᠨᠥᠬᠦᠪᠥᠷᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号