ᠮᠠᠨ ᠤ ᠤᠯᠤᠰ ᠤᠨ ᠨᠢᠭᠡᠨ ᠶᠡᠭᠡ ᠰᠤᠷᠭᠠᠭᠤᠯᠢ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ ᠲᠡᠯᠡᠶ ᠶᠢᠨ ᠤᠰᠤ ᠶᠢ ᠴᠡᠩᠭᠡᠭᠵᠢᠭᠦᠯᠬᠦ ᠮᠠᠲ᠋ᠧᠷᠢᠶᠠᠯ ᠢ ᠰᠤᠳᠤᠯᠤᠨ ᠦᠢᠯᠡᠳᠪᠡ
ᠨᠡᠶᠢᠲᠡᠯᠡᠭᠰᠡᠨ ᠴᠠᠭ᠄
2024/4/23
   ᠨᠠᠨᠵᠢᠩ ᠤᠨ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠲᠣᠰ ᠰᠤᠷᠭᠠᠭᠤᠯᠢ ᠶᠢᠨ ᠣᠷᠴᠢᠨ ᠲᠣᠭᠤᠷᠢᠨ ᠬᠢᠭᠡᠳ ᠠᠮᠢᠳᠤ ᠪᠣᠳᠠᠰ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠩ ᠰᠢᠤᠸᠠᠨ ᠫᠷᠤᠹᠧᠰᠰᠤᠷ ᠤᠨ ᠪᠦᠯᠬᠦᠮ ᠨᠢ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠢ ᠰᠤᠳᠤᠯᠤᠨ ᠦᠢᠯᠡᠳᠴᠦ᠂ ᠤᠳᠤ ᠶᠢᠨ ᠭᠤᠤᠯ ᠬᠡᠷᠡᠭᠯᠡᠭᠳᠡᠵᠤ ᠪᠠᠶᠢᠭ᠎ᠠ ᠪᠦᠭᠡᠭᠡᠨᠡᠷᠠᠯ ᠠᠮᠢᠳ᠋ ᠤᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠤᠨ ᠣᠯᠠᠨ ᠵᠦᠢᠯ ᠤᠨ ᠳᠤᠲᠠᠭᠳᠠᠯ ᠢ ᠢᠯᠡᠨ ᠳᠠᠪᠠᠵᠤ᠂ ᠲᠠᠷᠠᠭᠠᠴᠢ ᠶᠢᠨ ᠦᠶ᠎ᠡ ᠶᠢᠨ ᠲᠡᠯᠡᠶ ᠶᠢᠨ ᠤᠰᠤ ᠶᠢ ᠴᠡᠩᠭᠡᠭᠵᠢᠭᠦᠯᠬᠦ ᠮᠡᠷᠭᠡᠵᠢᠯ ᠳᠤ ᠰᠢᠨ᠎ᠡ ᠲᠥᠰᠦᠯ ᠬᠠᠩᠭᠠᠪᠠ᠃ ᠬᠤᠯᠪᠣᠭᠳᠠᠯ ᠪᠥᠬᠦᠶ ᠦᠷ᠎ᠡ ᠪᠦᠲᠦᠭᠡᠯ ᠢ 19᠎ ᠤ ᠡᠳᠦᠷ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠰᠢᠨᠵᠢᠯᠡᠬᠦ ᠤᠬᠠᠭᠠᠨ︾ ᠳᠡᠭᠡᠷ᠎ᠡ ᠨᠡᠶᠢᠲᠡᠯᠡᠪᠡ᠃   ᠵᠠᠩ ᠰᠢᠤᠸᠠᠨ ᠤ ᠲᠠᠨᠢᠯᠴᠠᠭᠤᠯᠤᠭᠰᠠᠨ ᠢᠶᠠᠷ᠂ ᠨᠡᠪᠴᠢᠯᠲᠡ ᠶᠢ ᠰᠡᠷᠭᠡᠶᠢᠯᠡᠬᠦ ᠪᠦᠷᠬᠦᠭᠦᠯ ᠪᠣᠯ ᠲᠡᠯᠡᠶ ᠶᠢᠨ ᠤᠰᠤ ᠶᠢ ᠴᠡᠩᠭᠡᠭᠵᠢᠭᠦᠯᠬᠦ ᠲᠥᠬᠦᠭᠡᠷᠦᠮᠵᠢ ᠶᠢᠨ ᠵᠠᠩᠭᠢᠯᠠᠭ᠎ᠠ ᠶᠢᠨ ᠲᠣᠨᠣᠭᠯᠠᠯ ᠮᠥᠨ᠂ ᠣᠳᠣᠬᠠᠨ ᠳᠤ ᠭᠤᠤᠯ ᠬᠡᠷᠡᠭᠯᠡᠭᠳᠡᠵᠤ ᠪᠠᠶᠢᠭ᠎ᠠ ᠨᠡᠪᠴᠢᠯᠲᠡ ᠶᠢ ᠰᠡᠷᠭᠡᠶᠢᠯᠡᠬᠦ ᠪᠦᠷᠬᠦᠭᠦᠯ ᠨᠢ ᠭᠤᠤᠯᠳᠠᠭᠤ ᠪᠥᠭᠡᠭᠡᠨᠡᠷᠡᠯ ᠠᠮᠢᠳ᠋ ᠤᠨ ᠮᠠᠲ᠋ᠧᠷᠢᠶᠠᠯ ᠳᠤ ᠰᠠᠭᠤᠷᠢᠯᠠᠵᠤ᠂ ᠠᠮᠧᠷᠢᠺᠠ᠂ ᠶᠠᠫᠣᠨ ᠵᠡᠷᠭᠡ ᠤᠯᠤᠰ ᠤᠨ ᠬᠡᠳᠦᠨ ᠺᠣᠮᠫᠠᠨᠢ ᠪᠥᠬᠦ ᠳᠡᠯᠡᠬᠡᠶ ᠶᠢᠨ ᠵᠠᠬ᠎ᠠ ᠳᠡᠯᠭᠡᠭᠦᠷ ᠤᠨ ᠶᠡᠬᠡᠩᠬᠢ ᠬᠤᠪᠢ ᠶᠢ ᠡᠵᠡᠯᠡᠵᠦ ᠪᠠᠶᠢᠨ᠎ᠠ᠃   ︽ᠬᠡᠳᠦ᠋ᠪᠡᠷ ᠪᠥᠭᠡᠭᠡᠨᠡᠷᠡᠯ ᠠᠮᠢᠳ᠋ ᠤᠨ ᠮᠠᠲ᠋ᠧᠷᠢᠶᠠᠯ ᠤᠨ ᠱᠦᠭᠦᠬᠦ ᠴᠢᠳᠠᠮᠵᠢ ᠨᠢ ᠨᠢᠭᠡᠨᠲᠡ ᠮᠠᠰᠢ ᠰᠠᠶᠢᠨ ᠪᠣᠯᠤᠭᠰᠠᠨ ᠪᠣᠯᠪᠠᠴᠤ ᠢᠨᠵᠧᠨᠧᠷᠢᠩ ᠤᠨ ᠬᠡᠷᠡᠭᠯᠡᠯᠲᠡ ᠳᠤ ᠮᠥᠨ ᠯᠡ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ ︾᠃ ᠵᠠᠩ ᠰᠢᠤᠸᠠᠨ ᠰᠤᠷᠪᠤᠯᠵᠢᠯᠠᠭᠴᠢ ᠳᠤ᠂ ᠾᠯᠣᠷ ᠲᠤ ᠳᠠᠭᠠᠭᠠᠮᠠᠭᠠᠶ ᠴᠢᠨᠠᠷ ᠢᠶᠠᠷ ᠵᠢᠱᠢᠶᠡᠯᠡᠪᠡᠯ᠂ ᠲᠡᠯᠡᠶ ᠶᠢᠨ ᠤᠰᠤ ᠶᠢ ᠤᠷᠢᠳᠴᠢᠯᠠᠨ ᠰᠢᠢᠳᠪᠦᠷᠢᠯᠡᠬᠦ ᠳᠤ ᠾᠯᠣᠷᠳᠤ ᠠᠷᠢᠭᠤᠳᠬᠠᠯ ᠬᠢᠬᠦ ᠴᠢᠬᠤᠯᠠᠲᠠᠶ᠂ ᠭᠡᠪᠡᠴᠦ ᠾᠯᠣᠷᠳᠤ ᠠᠷᠢᠭᠤᠳᠬᠠᠭᠤᠷ ᠡᠳ᠋ ᠨᠢ ᠪᠥᠭᠡᠭᠡᠨᠡᠷᠡᠯ ᠠᠮᠢᠳ᠋ ᠤᠨ ᠪᠦᠷᠬᠦᠬᠦᠯ ᠤᠨ ᠬᠢᠮᠢ ᠶᠢᠨ ᠪᠦᠲᠦᠴᠡ ᠳᠤ ᠰᠥᠷᠴᠦ ᠪᠣᠯᠤᠰᠢ ᠥᠬᠡᠶ ᠭᠡᠮᠲᠦᠯ ᠤᠴᠠᠷᠠᠭᠤᠯᠵᠤ᠂ ᠴᠢᠨᠠᠭᠰᠢᠯᠠᠪᠠᠯ ᠲᠡᠭᠦᠨ ᠢ ᠰᠢᠭᠤᠳ ᠵᠠᠳᠠᠷᠠᠭᠤᠯᠳᠠᠭ᠂ ᠡᠶᠢᠮᠦ ᠠᠴᠠ ᠲᠡᠯᠡᠶ ᠶᠢᠨ ᠤᠰᠤᠨ ᠳᠤ ᠾᠯᠣᠷᠲᠤ ᠠᠷᠢᠭᠤᠳᠬᠠᠯ ᠬᠢᠭᠰᠡᠨ ᠤ ᠳᠠᠷᠠᠭ᠎ᠠ ᠡᠷᠬᠡᠪᠰᠢ ᠾᠯᠣᠷ ᠥᠬᠡᠶᠢᠳᠡᠭᠦᠯᠬᠦ ᠠᠵᠢᠯ ᠬᠡᠷᠡᠭᠲᠡᠶ ᠭᠡᠵᠤ ᠲᠠᠨᠢᠯᠴᠠᠭᠤᠯᠵᠠᠢ᠃   ᠵᠠᠩ ᠰᠢᠤᠸᠠᠨ ᠤ ᠪᠦᠯᠬᠦᠮ ᠨᠢ 2014 ᠣᠨ ᠠᠴᠠ ᠡᠬᠢᠯᠡᠨ ᠰᠢᠨ᠎ᠡ ᠬᠡᠯᠪᠡᠷᠢ ᠶᠢᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠤᠨ ᠮᠠᠲ᠋ᠧᠷᠢᠶᠠᠯ ᠢ ᠰᠤᠳᠤᠯᠵᠤ᠂ ᠪᠦᠷᠬᠦᠬᠦᠯ ᠤᠨ ᠮᠠᠲ᠋ᠧᠷᠢᠶᠠᠯ ᠤᠨ ᠬᠢᠮᠢ ᠶᠢᠨ ᠳᠠᠭᠠᠭᠠᠴᠠ ᠶᠢ ᠰᠠᠶᠢᠵᠢᠷᠠᠭᠤᠯᠬᠤ ᠶᠢ ᠪᠣᠳᠣᠯᠬᠢᠯᠠᠵᠤ᠂ ᠤᠯᠠᠮᠵᠢᠯᠠᠯᠲᠤ ᠪᠥᠭᠡᠭᠡᠨᠡᠷᠡᠯ ᠠᠮᠢᠳ᠋ ᠤᠨ ᠪᠦᠷᠬᠦᠭᠦᠯ ᠨᠢ ᠬᠡᠷᠬᠢᠨ ᠢᠳᠡᠪᠬᠢ ᠾᠯᠣᠷ ᠤᠨ ᠳᠠᠭᠠᠷᠢᠯᠲᠠ ᠳᠤ ᠪᠠᠭᠤᠷᠠᠨ ᠵᠠᠳᠠᠷᠠᠳᠠᠭ ᠢ ᠵᠠᠳᠠᠯᠪᠠ᠃   ︽ᠡᠬᠢᠨ ᠳᠡᠭᠡᠨ ᠪᠢᠳᠡ ᠪᠥᠭᠡᠭᠡᠨᠡᠷᠡᠯ ᠠᠮᠢᠳ᠋ ᠤᠨ ᠮᠠᠲ᠋ᠧᠷᠢᠶᠠᠯ ᠢ ᠥᠭᠡᠷᠡᠴᠢᠯᠡᠨ ᠰᠠᠶᠢᠵᠢᠷᠠᠭᠤᠯᠬᠤ ᠪᠠᠷ ᠤᠷᠤᠯᠳᠤᠵᠤ ᠪᠠᠶᠢᠵᠠᠶ᠂ ᠭᠡᠪᠡᠴᠦ ᠰᠡᠭᠦᠯᠡᠷ ᠨᠢ ᠰᠤᠳᠤᠯᠭᠠᠨ ᠢᠶᠠᠷ ᠣᠯᠵᠤ ᠮᠡᠳᠡᠭᠰᠡᠨ ᠨᠢ᠂ ᠪᠥᠭᠡᠭᠡᠨᠡᠷᠡᠯ ᠠᠮᠢᠳ᠋ ᠤᠨ ᠠᠩᠬᠠᠨ ᠤ ᠳᠤᠲᠠᠭᠳᠠᠯ ᠨᠢ ᠲᠡᠭᠦᠨ ᠤ ᠢᠳᠡᠪᠬᠢ ᠾᠯᠣᠷ ᠢ ᠳᠠᠭᠠᠭᠠᠬᠤ ᠦᠭᠡᠢ ᠪᠣᠯᠭᠠᠵᠤ᠂ ᠡᠷᠬᠡᠪᠰᠢ ᠠᠰᠲᠠᠭᠠᠨ ᠰᠤᠳᠤᠯᠭᠠᠨ ᠬᠢᠬᠦ ᠬᠡᠷᠡᠭᠳᠠᠢ ᠪᠤᠯᠪᠠ︾᠃ ᠵᠠᠩ ᠰᠢᠤᠸᠠᠨ᠂ ᠪᠦᠯᠬᠦᠮ ᠤᠨ ᠬᠢᠨ ᠡᠴᠦᠰ ᠲᠡᠭᠡᠨ ᠬᠠᠷᠠᠯᠲᠠ ᠪᠠᠨ ᠪᠦᠭᠡᠭᠡᠨᠡᠷᠠᠯ ᠡᠰᠲ᠋ᠧᠷ ᠤᠨ ᠮᠠᠲ᠋ᠧᠷᠢᠶᠠᠯ ᠳᠡᠭᠡᠷ᠎ᠡ ᠲᠣᠭᠲᠠᠭᠠᠵᠤ᠂ ᠠᠯᠢ ᠣᠯᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠥᠷᠨᠢᠭᠦᠯᠦᠨ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠪᠦᠭᠡᠭᠡᠨᠡᠷᠠᠯ ᠡᠰᠲ᠋ᠧᠷ ᠤᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠢ ᠦᠢᠯᠡᠳᠴᠠᠢ ᠭᠡᠪᠡ᠃ᠲᠤᠷᠰᠢᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ ᠪᠦᠷᠬᠦᠬᠦᠯ ᠤᠨ ᠾᠯᠣᠷ ᠲᠤ ᠳᠠᠭᠠᠭᠠᠮᠠᠭᠠᠶ ᠴᠢᠨᠠᠷ ᠵᠡᠷᠭᠡ ᠨᠢ ᠭᠤᠤᠯ ᠬᠡᠷᠡᠭᠯᠡᠭᠳᠡᠵᠤ ᠪᠠᠶᠢᠭ᠎ᠠ ᠪᠥᠭᠡᠭᠡᠨᠡᠷᠡᠯ ᠠᠮᠢᠳ᠋ ᠤᠨ ᠪᠦᠷᠬᠦᠬᠦᠯ ᠠᠴᠠ ᠢᠯᠡᠳᠲᠡ ᠳᠠᠪᠠᠭᠤᠯᠢᠭ ᠪᠠᠶᠢᠳᠠᠭ᠃ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ ᠪᠦᠷᠬᠦᠬᠦᠯ ᠨᠢ ᠪᠥᠭᠡᠭᠡᠨᠡᠷᠡᠯ ᠠᠮᠢᠳ᠋ ᠤᠨ ᠪᠦᠷᠬᠦᠬᠦᠯ ᠤᠨ ᠦᠢᠯᠡᠳᠪᠦᠷᠢᠯᠡᠯ ᠤᠨ ᠮᠡᠷᠭᠡᠵᠢᠯ ᠢ ᠦᠷᠭᠦᠯᠵᠢᠯᠡᠨ ᠬᠡᠷᠡᠭᠯᠡᠭᠰᠡᠨ ᠠᠴᠠ ᠬᠡᠪᠴᠢᠶᠡᠵᠢᠭᠦᠯᠦᠨ ᠦᠢᠯᠡᠳᠪᠦᠷᠢᠯᠡᠬᠦ ᠪᠣᠯᠤᠮᠵᠢᠲᠤ ᠴᠢᠨᠠᠷ ᠲᠠᠢ ᠪᠣᠯᠵᠣ᠂ ᠬᠤᠯᠪᠣᠭᠳᠠᠯ ᠪᠥᠬᠦᠶ ᠮᠡᠷᠭᠡᠵᠢᠯ ᠨᠢ ᠣᠳᠣᠬᠠᠨ ᠳᠤ ᠨᠢᠭᠡᠨᠲᠡ 2 ᠵᠦᠢᠯ ᠤᠨ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠤᠯᠤᠭᠰᠠᠨ ᠪᠠᠶᠢᠨ᠎ᠠ᠃   ︽ᠰᠢᠨᠵᠢᠯᠡᠬᠦ ᠤᠬᠠᠭᠠᠨ︾ ᠬᠤᠭᠤᠴᠠᠭᠠᠲᠤ ᠰᠡᠳᠬᠦᠯ ᠤᠨ ᠡᠬᠡ ᠪᠢᠴᠢᠭ ᠬᠢᠨᠠᠭᠴᠢ᠂ ᠡᠨᠡ ᠨᠢ ᠪᠥᠭᠡᠭᠡᠨᠡᠷᠡᠯ ᠠᠮᠢᠳ᠋ ᠤᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠲᠠᠢ ᠠᠳᠠᠯᠢᠳᠬᠠᠵᠤ ᠳᠡᠶᠢᠯᠬᠦ ᠪᠤᠶᠤ ᠲᠡᠭᠦᠨ ᠠᠴᠠ ᠳᠠᠪᠠᠵᠤ ᠮᠡᠳᠡᠬᠦ ᠪᠥᠭᠡᠭᠡᠨᠡᠷᠡᠯ ᠡᠰᠲ᠋ᠧᠷ ᠤᠨ ᠪᠦᠷᠬᠦᠭᠦᠯ ᠪᠤᠯᠤᠨ᠎ᠠ᠂ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠤᠨ ᠰᠤᠳᠤᠯᠭᠠᠨ ᠤ ᠬᠦᠷᠢᠶᠡᠨ ᠳᠠᠬᠢ ᠬᠦᠰᠢᠶ᠎ᠠ ᠲᠡᠮᠳᠡᠭ ᠤᠨ ᠴᠢᠨᠠᠷᠲᠠᠶ ᠠᠬᠢᠴᠠ ᠮᠥᠨ ᠭᠡᠵᠤ ᠦᠨᠡᠯᠡᠪᠡ᠃   ︵ᠰᠢᠨᠬᠤᠸᠠ ᠬᠤᠷᠢᠶ᠎ᠠ ᠶᠢᠨ ᠨᠠᠨᠵᠢᠩ ᠤᠨ 4 ᠰᠠᠷ᠎ᠠ ᠶᠢᠨ 20᠎ ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号