ᠬᠢᠯᠢ ᠶᠢᠨ ᠳᠣᠲᠣᠨ᠎ᠠ ᠭᠠᠳᠠᠨᠠᠬᠢ ᠪᠠᠩᠬᠢ ᠶᠢᠨ ᠺᠠᠷᠲ ᠢ ᠨᠡᠶᠢᠳᠡᠮ ᠬᠡᠷᠡᠭᠯᠡᠵᠦ ᠪᠤᠯᠬᠤ ᠪᠤᠯᠭᠠᠨ᠎ᠠ
ᠨᠡᠶᠢᠲᠡᠯᠡᠭᠰᠡᠨ ᠴᠠᠭ᠄
2024/4/23
   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠣᠭᠠᠴᠠᠭ᠎ᠠ ᠬᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠶᠢᠷ᠎ᠠ ᠳᠤ ᠳᠤᠮᠳᠠᠳᠤ ᠤᠯᠤᠰ ᠤᠨ ᠠᠷᠠᠳ ᠤᠨ ᠪᠠᠩᠬᠢ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠠᠮᠲᠤᠷᠠᠨ ︽ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠲᠣᠭᠠᠴᠠᠭ᠎ᠠ ᠬᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃    ︽ᠮᠡᠳᠡᠭᠳᠡᠯ︾᠎ ᠳᠤ ᠨᠠᠰᠤᠲᠠᠶᠢᠴᠤᠳ᠂ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠥᠮᠥᠰ ᠵᠡᠷᠭᠡ ᠶᠢᠨ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠣᠯᠠᠨ ᠡᠰᠢᠴᠢᠯᠡᠭᠰᠡᠨ ᠲᠣᠭᠠᠴᠠᠭ᠎ᠠ ᠬᠢᠬᠦ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠳᠤ ᠰᠠᠭᠤᠷᠢᠯᠠᠵᠤ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠲᠤᠬᠠᠢ ᠶᠢᠨ ᠭᠠᠵᠠᠷ ᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠪᠢᠶᠠᠷᠢ ᠪᠠᠩᠬᠢ ᠲᠠᠢ ᠬᠠᠮᠲᠤᠷᠠᠨ ᠵᠣᠬᠢᠴᠠᠭᠤᠯᠵᠤ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠰᠤᠶᠤᠯ ᠵᠢᠭᠤᠯᠴᠢᠯᠠᠯ ᠤᠨ ᠲᠠᠯᠠᠪᠤᠷ ᠭᠠᠵᠠᠷ ᠢ ᠲᠣᠭᠲᠠᠭᠠᠵᠤ᠂ ᠭᠤᠣᠯᠳᠠᠯᠭ᠎ᠠ ᠲᠠᠢ ᠬᠤᠳᠠᠯᠳᠤᠭᠠᠨ ᠤ ᠡᠷᠦᠬᠡ ᠶᠢ ᠲᠣᠳᠣᠷᠬᠠᠶᠢᠯᠠᠨ᠂ ᠠᠵᠢᠯ ᠤᠨ ᠲᠥᠰᠥᠯ ᠲᠣᠭᠲᠠᠭᠠᠵᠤ᠂ ᠬᠢᠯᠢ ᠶᠢᠨ ᠳᠣᠲᠣᠨ᠎ᠠ ᠭᠠᠳᠠᠨᠠᠬᠢ ᠪᠠᠩᠬᠢ ᠶᠢᠨ ᠺᠠᠷᠲ ᠢ ᠭᠥᠯᠢᠶᠡᠨ ᠠᠪᠴᠤ ᠰᠶᠢᠳᠪᠦᠷᠢᠯᠡᠬᠦ ᠣᠷᠴᠢᠨ ᠲᠣᠭᠤᠷᠢᠨ ᠪᠠ ᠪᠡᠯᠡᠨ ᠵᠣᠭᠤᠰ ᠬᠡᠷᠡᠭᠯᠡᠬᠦ ᠣᠷᠴᠢᠨ ᠲᠣᠭᠤᠷᠢᠨ ᠢ ᠦᠷᠭᠦᠯᠵᠢᠯᠡᠨ ᠲᠡᠭᠦᠯᠳᠡᠷᠵᠢᠭᠦᠯᠬᠦ᠂ ᠰᠢᠯᠵᠢᠮᠡᠯ ᠲᠣᠭᠠᠴᠠᠭ᠎ᠠ ᠬᠢᠬᠦ ᠳᠤ ᠨᠡᠩ ᠢᠯᠡᠬᠦᠦ ᠲᠥᠬᠦᠮ ᠦᠵᠡᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠ ᠦᠨᠡᠯᠡᠨ ᠵᠢᠱᠢᠵᠦ ᠬᠢᠨᠠᠨ ᠵᠢᠯᠤᠭᠤᠳᠬᠤ ᠶᠢ ᠰᠠᠶᠢᠲᠤᠷ ᠬᠢᠵᠦ᠂ ᠰᠤᠶᠤᠯ ᠵᠢᠭᠤᠯᠴᠢᠯᠠᠯ ᠤᠨ ᠬᠦᠷᠢᠶᠡᠨ ᠳᠠᠬᠢ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠬᠠᠮᠲᠤᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ︽ᠮᠡᠳᠡᠭᠳᠡᠯ︾᠎ ᠳᠤ ᠭᠤᠷᠪᠠᠨ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠪᠠᠭᠤᠳᠠᠯ᠂ ᠤᠯᠤᠰ ᠤᠨ 5A ᠲᠠᠰ ᠪᠠ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠪᠠ ᠮᠤᠵᠢ ᠶᠢᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠬᠢᠯᠢ ᠶᠢᠨ ᠳᠣᠲᠣᠨ᠎ᠠ ᠭᠠᠳᠠᠨᠠᠬᠢ ᠪᠠᠩᠬᠢ ᠶᠢᠨ ᠺᠠᠷᠲ ᠢ ᠭᠥᠯᠢᠶᠡᠨ ᠠᠪᠴᠤ ᠰᠶᠢᠳᠪᠦᠷᠢᠯᠡᠬᠦ ᠶᠢ ᠪᠦᠬᠦᠨ ᠢ ᠪᠦᠷᠬᠦᠭᠦᠯᠬᠦ ᠬᠡᠷᠡᠭᠲᠡᠢ᠃ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠬᠠᠮᠢᠶ᠎ᠠ ᠪᠦᠬᠦᠢ ᠡᠵᠡᠩᠨᠡᠯᠲᠡ ᠶᠢᠨ ᠭᠤᠣᠯ ᠴᠣᠭᠴᠠ ᠨᠢ ᠬᠥᠮᠥᠨ ᠤ ᠬᠦᠴᠦ ᠪᠠᠷ ᠪᠢᠯᠧᠲ ᠬᠤᠳᠠᠯᠳᠤᠬᠤ ᠴᠣᠩᠬᠣ᠋ ᠪᠠᠨ ᠦᠯᠡᠳᠡᠭᠡᠵᠦ᠂ ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠶᠢ ᠳᠡᠮᠵᠢᠵᠦ᠂ ᠬᠡᠷᠡᠭᠯᠡᠭᠴᠢᠳ ᠤᠨ ᠲᠣᠭᠠᠴᠠᠭ᠎ᠠ ᠬᠢᠬᠦ ᠶᠢ ᠰᠣᠩᠭᠤᠬᠤ ᠡᠷᠬᠡ ᠶᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠦᠮᠦᠨ ᠨᠡᠯᠢᠶᠡᠳ ᠣᠯᠠᠨ ᠪᠠᠶᠢᠭ᠎ᠠ ᠰᠣᠶᠣᠯ ᠵᠢᠭᠤᠯᠴᠢᠯᠠᠯ ᠤᠨ ᠲᠠᠯᠠᠪᠤᠷ ᠲᠤ ᠭᠠᠳᠠᠭᠠᠳᠤ ᠶᠢᠨ ᠵᠣᠭᠤᠰ ᠰᠣᠯᠢᠬᠤ ᠲᠤᠬᠠᠶᠢᠯᠠᠭᠰᠠᠨ ᠠᠵᠢᠯ ᠤᠨ ᠲᠣᠣᠷ ᠴᠡᠭ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠭᠠᠳᠠᠭᠠᠳᠤ ᠶᠢᠨ ᠵᠣᠭᠤᠰ ᠰᠣᠯᠢᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠯᠵᠢᠮᠡᠯ ᠲᠣᠭᠠᠴᠠᠭ᠎ᠠ ᠬᠢᠬᠦ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠳᠠᠷᠠᠭᠠᠯᠠᠯ ᠢ ᠰᠢᠯᠢᠳᠡᠭᠵᠢᠭᠦᠯᠦᠨ᠂ ᠦᠢᠯᠡᠳᠬᠦᠨ ᠤ ᠴᠢᠳᠠᠮᠵᠢ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠤᠨ ᠰᠦᠯᠵᠢᠶᠡᠨ ᠳᠡᠭᠡᠷᠡᠬᠢ ᠪᠠ ᠪᠤᠳᠠᠲᠤ ᠴᠤᠬᠴᠠ ᠶᠢᠨ ᠳᠤᠮᠳᠠᠳᠤ ᠤᠯᠤᠰ ᠲᠤ ᠢᠷᠡᠭᠰᠡᠳ ᠤᠨ ᠲᠣᠭᠠᠴᠠᠭ᠎ᠠ ᠬᠢᠬᠦ ᠳᠤ ᠨᠡᠩ ᠢᠯᠡᠬᠦᠦ ᠲᠥᠬᠦᠮ ᠦᠵᠡᠭᠦᠯᠦᠨ᠎ᠡ ᠭᠡᠵᠦ ᠳᠤᠳᠤᠷᠬᠠᠶᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号