ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ② ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ
ᠨᠡᠶᠢᠲᠡᠯᠡᠭᠰᠡᠨ ᠴᠠᠭ᠄
2024/4/23
   ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ ᠪᠣᠯ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ ᠬᠠᠰᠢᠶᠠᠯᠠᠨ ᠲᠡᠵᠢᠭᠡᠬᠦ‍ ᠨᠢᠭᠡ ᠵᠦᠢᠯ ᠤᠨ ᠲᠡᠵᠢᠭᠡᠪᠦᠷᠢ ᠶᠢᠨ ᠠᠷᠭ᠎ᠠ ᠭᠡᠯᠪᠡᠷᠢ ᠪᠣᠯᠣᠨ᠎ᠠ᠃ ︽ᠡᠨᠡ ᠬᠦ ᠵᠠᠭᠪᠤᠷ ᠨᠢ ᠪᠡᠯᠴᠢᠭᠡᠷ ᠪᠠᠭᠠᠲᠠᠢ ᠮᠠᠯᠵᠢᠬᠤ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠳᠤ ᠲᠣᠬᠢᠷᠠᠵᠤ᠂ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠳᠠᠷᠢᠬᠤ ᠪᠠᠷ ᠳᠠᠮᠵᠢᠨ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠵᠦ᠂ ᠤᠯᠠᠷᠢᠯ ᠤᠨ ᠴᠢᠨᠠᠷᠲᠠᠢ ᠪᠠᠷ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠶᠢ ᠪᠡᠶᠡᠯᠡᠭᠦᠯᠵᠦ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ  ᠶᠢᠨ ᠳᠡᠳ᠋ ᠳᠠᠷᠤᠭ᠎ᠠ ᠳ᠋ᠦ᠋ ᠵᠧ ᠲᠠᠨᠢᠯᠴᠠᠭᠤᠯᠪᠠ᠃   ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ ᠭᠠᠴᠠᠭ᠎ᠠ ᠨᠡᠶᠢᠳᠡ 24 ᠲᠦᠮᠡᠨ ᠮᠦ ᠪᠡᠯᠴᠢᠭᠡᠷ ᠲᠠᠢ ᠪᠠᠶᠢᠵᠤ᠂ ᠬᠥᠮᠥᠨ ᠳᠤᠮᠳᠠᠴᠢ ᠳᠤ 420 ᠮᠦ ᠯᠡ ᠨᠣᠭᠳᠠᠵᠤ ᠪᠤᠢ᠂ ᠬᠡᠷᠪᠡ ᠲᠤᠬᠠᠢ ᠶᠢᠨ ᠭᠠᠵᠠᠷ ᠤᠨ ᠬᠢᠨᠠᠨ ᠲᠣᠭᠲᠠᠭᠠᠭᠰᠠᠨ ︽ᠮᠦ ᠪᠦᠷᠢ ᠳᠤ 11.27 ᠬᠤᠨᠢᠨ ᠨᠢᠭᠡᠴᠢ︾᠎ ᠪᠠᠷ ᠮᠠᠯ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠶᠤᠮ ᠪᠣᠯ ᠮᠠᠯᠴᠢᠨ ᠲᠠᠷᠢᠶᠠᠴᠢᠳ ᠠᠵᠤ ᠲᠦᠷᠦᠵᠤ ᠠᠮᠢᠳᠤᠷᠠᠯ ᠢᠶᠠᠨ ᠠᠷᠭᠠᠴᠠᠭᠠᠬᠤ ᠳᠤ ᠪᠡᠷᠬᠡᠲᠡᠢ ᠶᠤᠮ᠃ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠠᠯ ᠮᠠᠯᠵᠢᠭᠰᠠᠭᠠᠷ ᠢᠷᠡᠭᠰᠡᠨ ᠤᠯᠠᠮᠵᠢᠯᠠᠯᠲᠤ ᠪᠠᠶᠢᠳᠠᠯ ᠢ ᠬᠤᠪᠢᠷᠠᠭᠤᠯᠬᠤ ᠶᠢᠨ ᠲᠥᠯᠥᠭ᠂ ᠲᠤᠰ ᠭᠠᠴᠠᠭᠠᠨ ᠤ 4 ᠮᠠᠯᠵᠢᠬᠤ ᠲᠠᠷᠢᠶᠠᠯᠠᠬᠤ ᠡᠷᠦᠭᠡ ᠬᠠᠮᠲᠤ ᠪᠠᠷ 712 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠨ ᠰᠢᠯᠤᠭᠤᠨ ᠬᠥᠬᠡ ᠬᠤᠰᠢᠭᠤᠨ ᠤ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠮᠠᠯ ᠤᠨᠤᠭ᠎ᠠ ᠪᠠᠨ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠵᠦ ᠡᠬᠢᠯᠡᠪᠡ᠃ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠨᠢ ᠡᠩ ᠲᠡᠷᠢᠭᠦᠨ ᠳᠤ 4 ᠭᠡᠰᠢᠭᠦᠨ ᠡᠷᠦᠭᠡ ᠶᠢᠨ 5 ᠲᠦᠮᠡ ᠭᠠᠷᠤᠢ ᠮᠦ ᠪᠠᠶᠢᠭᠠᠯᠢ ᠶᠢᠨ ᠪᠡᠯᠴᠢᠭᠡᠷ ᠢ ᠨᠡᠶᠢᠳᠬᠡᠨ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠵᠤ᠂ ᠪᠠᠰᠠ 8500 ᠮᠦ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠢ ᠠᠰᠢᠭᠯᠠᠨ ᠵᠢᠯ ᠪᠦᠷᠢ ᠬᠥᠬᠡ ᠳᠠᠷᠤᠰᠢ ᠶᠢᠨ ᠡᠷᠳᠡᠨᠢ ᠰᠢᠰᠢ᠂ ᠬᠢᠶᠠᠭ ᠡᠪᠡᠰᠦ᠂ ᠶᠤᠤᠮᠠᠢ ᠵᠡᠷᠭᠡ ᠥᠨᠳᠥᠷ ᠤᠨᠠᠯᠲᠠ ᠲᠠᠢ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ ᠲᠠᠷᠢᠵᠤ᠂ ᠵᠢᠯ ᠤᠨ ᠲᠡᠵᠢᠭᠡᠯ ᠡᠪᠡᠰᠦᠨ ᠤ ᠨᠥᠭᠡᠴᠡ  ᠶᠢ 1.3 ᠲᠦᠮᠡᠨ ᠲᠤᠨ ᠳᠤ ᠬᠦᠷᠭᠡᠨ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠬᠠᠶᠢᠷᠠᠬᠤ ᠬᠤᠭᠤᠴᠠᠭᠠᠨ ᠳᠤ ᠮᠠᠯ ᠤᠨᠤᠭ᠎ᠠ ᠪᠠᠨ ᠬᠠᠰᠢᠶᠠᠯᠠᠨ ᠲᠡᠵᠢᠭᠡᠬᠦ ᠬᠡᠷᠡᠭᠴᠡᠭᠡ ᠶᠢ ᠪᠠᠲᠤᠯᠠᠪᠠ᠃ ᠲᠠᠷᠠᠭ᠎ᠠ ᠨᠢ ᠬᠥᠮᠥᠨ ᠤ ᠬᠦᠴᠦᠨ ᠤ ᠥᠪᠡᠷ  ᠤᠨ ᠥᠷᠲᠡᠭ ᠢ ᠠᠷᠪᠢᠯᠠᠨ᠂ ᠮᠠᠯ ᠰᠦᠷᠦᠭ ᠤᠨ ᠪᠡᠯᠴᠢᠭᠡᠷ ᠲᠤ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ︽ᠪᠤᠭ ᠮᠠᠯ ᠢ ᠴᠥᠭᠡᠳᠬᠡᠨ ᠦᠬᠡᠷ ᠤᠨ ᠲᠤᠭ᠎ᠠ ᠶᠢ ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠲᠤᠰᠬᠠᠶᠢᠵᠢᠭᠰᠠᠨ ᠮᠢᠬᠠᠨ ᠤ ᠦᠬᠡᠷ ᠤᠨ ᠡᠭᠦᠯᠳᠡᠷ ᠢ ᠬᠥᠭᠵᠢᠭᠦᠯᠦᠨ 3 ᠲᠡᠵᠢᠭᠡᠪᠦᠷᠢ ᠶᠢᠨ ᠲᠠᠯᠠᠪᠠᠢ ᠪᠠᠶᠢᠭᠤᠯᠵᠤ᠂ 1700 ᠭᠠᠷᠤᠢ ᠦᠬᠡᠷ ᠲᠡᠵᠢᠭᠡᠨ᠂ ᠵᠢᠯ ᠪᠦᠷᠢ 800 ᠭᠠᠷᠤᠢ ᠦᠬᠡᠷ ᠢ ᠪᠣᠷᠳᠣᠵᠤ ᠲᠠᠷᠭᠤᠯᠠᠭᠤᠯᠤᠭᠰᠠᠨ ᠬᠤᠶᠢᠨ᠎ᠠ ᠬᠤᠳᠠᠯᠳᠤᠵᠤ ᠪᠤᠢ᠃ ᠲᠤᠰ ᠬᠤᠷᠰᠢᠶ᠎ᠠ ᠨᠢ ᠪᠠᠰᠠ ᠡᠷᠲᠡ ᠲᠡᠵᠢᠭᠡᠯ ᠨᠥᠬᠦᠪᠦᠷᠢᠯᠡᠬᠦ᠂ ᠡᠷᠲᠡ ᠬᠤᠳᠠᠯᠳᠤᠬᠤ᠂ ᠡᠷᠲᠡ ᠭᠠᠷ ᠬᠡᠭᠡᠯᠲᠦᠭᠦᠯᠭᠡ ᠬᠢᠬᠦ᠂ ᠡᠷᠲᠡ ᠲᠤᠭᠤᠯ ᠲᠤᠰᠬᠤ ︽ᠳᠥᠷᠪᠡᠨ ᠡᠷᠲᠡ︾᠎ ᠶᠢᠨ ᠵᠠᠭᠪᠤᠷ ᠢ ᠬᠡᠷᠡᠭᠵᠢᠭᠦᠯᠵᠦ᠂ ᠬᠡᠪᠴᠢᠶᠡᠵᠢᠭᠦᠯᠦᠨ ᠲᠡᠵᠢᠭᠡᠬᠦ ᠶᠢ ᠪᠡᠶᠡᠯᠡᠭᠦᠯᠦᠨ᠂ ᠪᠣᠷᠳᠣᠵᠤ ᠲᠠᠷᠭᠤᠯᠠᠭᠤᠯᠬᠤ ᠦᠭᠡᠢ ᠪᠣᠯ ᠪᠣᠷᠣᠯᠠᠭᠤᠯᠬᠤ ᠦᠭᠡᠢ ᠪᠠᠶᠢᠵᠤ᠂ ᠮᠢᠬᠠᠨ ᠤ ᠦᠬᠡᠷ ᠨᠢ 1300 ᠵᠢᠩ ᠳᠤ ᠭᠦᠷᠦᠭᠰᠡᠨ ᠬᠤᠶᠢᠨ᠎ᠠ ᠰᠠᠶ᠋ᠢ ᠨᠢᠲᠤᠯᠤᠨ ᠬᠤᠳᠠᠯᠳᠤᠬᠤ ᠠᠵᠤ ᠠᠬᠤᠶᠢᠯᠠᠯ ᠳᠤ ᠬᠤᠳᠠᠯᠳᠤᠨ ᠥᠭᠴᠦ ᠪᠠᠶᠢᠨ᠎ᠠ᠃ ᠤᠷᠵᠢᠨᠤᠨ ᠳᠤᠰ ᠬᠤᠷᠰᠢᠶ᠎ᠠ ᠶᠢᠨ ᠠᠰᠢᠭ ᠣᠯᠵᠠᠪᠤᠷᠢ 200 ᠲᠦᠮᠡᠨ ᠲᠥᠭᠦᠷᠢᠭ ᠲᠤ ᠬᠦᠷᠴᠦ᠂ ᠬᠥᠮᠥᠨ ᠳᠤᠮᠳᠠᠴᠢ ᠶᠢᠨ ᠣᠷᠣᠯᠭ᠎ᠠ ᠨᠢ 9.5 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号