2024 ᠣᠨ ᠤ 4 ᠰᠠᠷ᠎ᠠ ᠶᠢᠨ 13 ᠤ ᠡᠳᠦᠷ ᠤᠨ ︽ᠲᠠᠷᠢᠶᠠᠴᠢᠳ ᠤᠨ ᠡᠳᠦᠷ ᠤᠨ ᠰᠣᠨᠢᠨ︾ ᠤ 3 | ᠳ᠋ᠤᠭᠠᠷ ᠨᠢᠭᠤᠷ ᠲᠤ ︽ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠳᠤᠯᠠᠭᠠᠨ | ᠰᠠᠷᠠᠪᠴᠢᠨ ᠳᠤ ᠡᠪᠡᠰᠦ ᠳᠠᠷᠢᠵᠤ᠂ ᠵᠢᠯ ᠤᠨ ᠳᠥᠷᠪᠡᠨ ᠤᠯᠠᠷᠢᠯ ᠳᠤ ᠰᠢᠨ᠎ᠡ ᠰᠣᠷᠭᠤᠭ ᠡᠪᠡᠰᠦ ᠨᠣᠭᠤᠭ᠎ᠠ ᠪᠠᠷ | ᠮᠠᠯ ᠢᠶᠠᠨ ᠲᠡᠵᠢᠭᠡᠵᠦ ᠪᠤᠢ︾ ᠭᠡᠰᠡᠨ ᠵᠣᠬᠢᠶᠠᠯ ᠢ ᠨᠡᠶᠢᠲᠡᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳᠡᠪᠰᠡᠭ ᠪᠠᠯᠭᠠᠰᠤᠨ ᠤ ᠰᠢᠨ ᠯᠦᠩ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ | ᠤᠰᠤᠨ ᠳᠤ ᠪᠤᠶᠢᠵᠢᠭᠤᠯᠤᠭᠰᠠᠨ ᠲᠡᠵᠢᠭᠡᠯ ᠡᠪᠡᠰᠦ ᠪᠠᠷ ᠡᠪᠦᠯ ᠬᠠᠪᠤᠷ ᠤᠨ ᠤᠯᠠᠷᠢᠯ ᠳᠤ ᠦᠬᠡᠷ ᠬᠤᠨᠢ ᠪᠠᠨ | ᠲᠡᠵᠢᠭᠡᠵᠦ ᠪᠠᠶᠢᠭ᠎ᠠ ᠶᠠᠪᠤᠳᠠᠯ ᠢ ᠮᠡᠳᠡᠭᠡᠯᠡᠵᠡᠢ᠃ ᠣᠳᠣᠬᠠᠨ ᠳᠤ᠂ ᠤᠰᠤᠨ ᠳᠤ ᠪᠤᠶᠢᠵᠢᠭᠤᠯᠤᠭᠰᠠᠨ ᠲᠡᠵᠢᠭᠡᠯ | ᠡᠪᠡᠰᠦ ᠶᠢ ᠶᠠᠭ ᠰᠠᠶᠢᠬᠠᠨ ᠳᠡᠯᠭᠡᠷᠡᠭᠦᠯᠬᠦ ᠱᠠᠲᠤᠨ ᠳᠤ ᠪᠠᠶᠢᠨ᠎ᠠ᠂ ᠠᠷᠪᠠᠢ ᠶᠢᠨ ᠨᠠᠬᠢᠶ᠎ᠠ ᠶᠢᠨ ᠲᠡᠵᠢᠭᠡᠯ ᠡᠪᠡᠰᠦᠨ ᠤ | ᠤᠭᠤᠷᠠᠭ ᠤᠨ ᠠᠭᠤᠯᠤᠭᠳᠠᠴᠠ ᠮᠠᠰᠢ ᠥᠨᠳᠥᠷ ᠪᠠᠶᠢᠵᠤ᠂ ᠪᠤᠷᠴᠠᠭ ᠤᠨ ᠰᠢᠭᠠᠷᠤ᠂ ᠡᠷᠳᠡᠨᠢ ᠰᠢᠰᠢ ᠶᠢᠨ ᠮᠥᠬᠦᠯᠢᠭ | ᠵᠡᠷᠭᠡ ᠨᠠᠷᠢᠯᠢᠭ ᠪᠣᠷᠳᠤᠭ᠎ᠠ ᠶᠢ ᠣᠷᠣᠯᠠᠭᠤᠯᠵᠤ ᠪᠣᠯᠣᠨ᠎ᠠ᠂ ᠡᠨᠡ ᠨᠢ ᠮᠠᠯ ᠤᠨ ᠲᠠᠷᠭᠤ ᠬᠦᠴᠦ ᠠᠪᠬᠤ ᠳᠤ ᠮᠠᠰᠢ | ᠰᠠᠶᠢᠨ ᠪᠠᠶᠢᠳᠠᠭ᠂ ᠮᠠᠰᠢ ᠣᠯᠠᠨ ᠬᠥᠮᠥᠨ ᠡᠨᠡ ᠬᠦ ᠭᠠᠷᠤᠯᠲᠠ ᠥᠨᠳᠥᠷ᠂ ᠤᠷᠭᠤᠯᠲᠠ ᠲᠦᠷᠭᠡᠨ᠂ ᠲᠡᠷᠢᠭᠦᠨ ᠤ | ᠳᠠᠷᠢᠬᠤ ᠠᠷᠭ᠎ᠠ ᠮᠠᠶ᠋ᠢᠭ ᠢ ᠰᠣᠨᠢᠷᠬᠠᠵᠤ ᠡᠬᠢᠯᠡᠵᠡᠢ᠃ |