ᠰᠤᠷᠪᠤᠯᠵᠢᠯᠠᠬᠴᠢ ᠥᠨᠥᠳᠥᠷ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠶᠢᠯᠠᠭᠠᠭᠰᠠᠨ ᠨᠢ᠂ ᠠᠷᠠᠳ ᠤᠨ | ᠰᠢᠭᠦᠬᠦ ᠬᠤᠷᠢᠶ᠎ᠠ ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠳᠤ ︽ᠰᠤᠷᠭᠠᠨ ᠬᠥᠮᠥᠵᠢᠭᠦᠯᠬᠦ᠂ | ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ︾ ᠴᠢᠭᠯᠡᠯᠲᠡ ᠪᠠ ︽ᠰᠤᠷᠭᠠᠨ ᠬᠥᠮᠥᠵᠢᠭᠦᠯᠬᠦ ᠪᠠᠷ ᠭᠤᠣᠯᠯᠠᠭᠤᠯᠵᠤ᠂ | ᠵᠠᠯᠬᠠᠭᠠᠨ ᠰᠢᠢᠳᠬᠡᠬᠦ ᠪᠠᠷ ᠬᠠᠪᠰᠤᠷᠤᠮᠵᠢ ᠪᠤᠯᠭᠠᠬᠤ︾ ᠵᠠᠷᠴᠢᠮ ᠢ ᠪᠠᠷᠢᠮᠲᠠᠯᠠᠨ᠂ ᠨᠠᠰᠤᠨ ᠳᠤ ᠥᠯᠥ | ᠭᠦᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ ᠲᠤ ᠲᠣᠬᠢᠷᠠᠭᠰᠠᠨ ᠰᠢᠭᠦᠨ ᠲᠠᠰᠤᠯᠬᠤ ᠠᠷᠭ᠎ᠠ ᠮᠠᠶ᠋ᠢᠭ ᠢ | ᠢᠳᠡᠪᠬᠢᠲᠡᠢ ᠬᠡᠷᠡᠭᠯᠡᠨ᠂ ᠰᠢᠭᠦᠨ ᠲᠠᠰᠤᠯᠤᠯᠲᠠ ᠨᠢ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠵᠠᠯᠬᠠᠭᠠᠨ | ᠴᠡᠭᠡᠷᠯᠡᠭᠦᠯᠬᠦ ᠨᠡᠶᠢᠲᠡ ᠶᠢᠨ ᠲᠠᠩᠬᠢᠮ ᠪᠤᠯᠬᠤ ᠪᠠᠷ ᠪᠠᠷᠠᠬᠤ ᠦᠭᠡᠢ ᠪᠠᠰᠠ ᠠᠪᠤᠷᠠᠨ ᠰᠤᠷᠭᠠᠬᠤ ᠬᠢᠴᠢᠶᠡᠯ ᠤᠨ ᠲᠠᠩᠬᠢᠮ | ᠪᠤᠯᠭᠠᠬᠤ ᠬᠡᠷᠡᠭᠲᠡᠢ ᠭᠡᠵᠡᠢ᠃ ᠰᠢᠢᠳᠬᠡᠬᠦ ᠲᠠᠯ᠎ᠠ ᠪᠠᠷ ︽ᠠᠭᠤᠴᠢᠯᠠᠬᠤ ᠪᠤᠯᠪᠠᠴᠤ ᠳᠤᠷ᠎ᠠ ᠪᠠᠷ ᠨᠢ ᠲᠠᠯᠪᠢᠬᠤ ᠦᠭᠡᠢ︾ | ᠪᠠᠶᠢᠬᠤ ᠶᠢ ᠪᠠᠷᠢᠮᠲᠠᠯᠠᠵᠤ᠂ ᠪᠡᠶᠡᠴᠢ ᠲᠠᠯ᠎ᠠ ᠶᠢᠨ ᠬᠤᠣᠷᠲᠤ ᠴᠢᠨᠠᠷ ᠨᠢ ᠶᠡᠭᠡ᠂ ᠬᠤᠣᠷ ᠬᠥᠨᠥᠭᠡᠯ ᠨᠢ ᠬᠦᠨᠳᠦ | ᠨᠣᠴᠢᠲᠠᠢ᠂ ᠢᠯᠠᠩᠭᠤᠶ᠎ᠠ ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ ᠰᠢᠢᠳᠬᠡᠬᠦ ᠶᠣᠰᠣᠲᠠᠢ ᠶᠢ ᠨᠢ ᠬᠠᠤᠯᠢ | ᠶᠣᠰᠣᠭᠠᠷ ᠰᠢᠢᠳᠬᠡᠵᠦ᠂ ᠰᠡᠷᠡᠮᠵᠢᠯᠡᠭᠦᠯᠭᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠤᠣᠷᠯᠠᠭᠳᠠᠭᠴᠢ ᠳᠤ | ᠲᠥᠪ ᠭᠤᠣᠯᠴᠢ᠂ ᠨᠡᠶᠢᠭᠡᠮ ᠨᠡᠶᠢᠲᠡ ᠳᠤ ᠲᠥᠪ ᠭᠤᠣᠯᠴᠢ ᠶᠢ ᠣᠯᠭᠤᠨ᠎ᠠ᠃ ᠣᠶᠢᠷ᠎ᠠ ᠶᠢᠨ ᠬᠤᠭᠤᠴᠠᠭᠠᠨ ᠳᠤ᠂ | ᠪᠦᠬᠦᠯᠢ 12 ᠨᠠᠰᠤ ᠭᠦᠷᠦᠭᠡᠳ ᠪᠦᠬᠦᠯᠢ 14 ᠨᠠᠰᠤ ᠭᠦᠷᠦᠭᠡᠳᠦᠢ ᠨᠠᠰᠤᠨ ᠳᠤ ᠥᠯᠥ ᠭᠦᠷᠦᠭᠰᠡᠳ ᠬᠥᠮᠥᠨ | ᠠᠯᠠᠭᠰᠠᠨ᠂ ᠪᠤᠰᠤᠳ ᠢ ᠬᠦᠨᠳᠦ ᠰᠢᠷᠬᠠᠲᠤᠭᠤᠯᠤᠭᠰᠠᠨ ᠶᠠᠯᠠᠲᠤ ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠬᠦ ᠲᠤᠬᠠᠢ ᠶᠠᠷᠢᠯᠴᠠᠭ᠎ᠠ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃ ᠣᠳᠣᠬᠠᠨ ᠪᠤᠯᠲᠠᠯ᠎ᠠ᠂ | ᠠᠷᠠᠳ ᠤᠨ ᠰᠢᠭᠦᠬᠦ ᠬᠤᠷᠢᠶ᠎ᠠ ᠡᠶᠢᠮᠦᠷᠬᠦ ᠬᠡᠷᠡᠭ ᠢ ᠨᠡᠶᠢᠲᠡ 4 ᠬᠤᠪᠢ 4 ᠬᠥᠮᠥᠨ ᠢ ᠰᠢᠭᠦᠨ ᠲᠠᠰᠤᠯᠵᠤ᠂ ᠶᠠᠯ᠎ᠠ | ᠬᠢᠭᠰᠡᠳ ᠤᠨ ᠨᠠᠰᠤ ᠨᠢ 12 ᠠᠴᠠ 13 ᠨᠠᠰᠤᠨ ᠤ ᠬᠤᠭᠤᠷᠣᠨᠳᠤ ᠪᠠᠶᠢᠵᠤ᠂ ᠬᠠᠤᠯᠢ ᠶᠣᠰᠣᠭᠠᠷ 10 ᠠᠴᠠ 15 | ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠡᠢ᠃ ᠬᠡᠦᠬᠡᠳ ᠲᠤ ᠠᠰᠠᠭᠤᠳᠠᠯ ᠣᠷᠣᠰᠢᠵᠤ ᠪᠠᠶᠢᠭ᠎ᠠ ᠨᠢ ᠭᠡᠷ | ᠪᠦᠯᠢ ᠨᠡᠶᠢᠭᠡᠮ ᠤᠨ ᠤᠯᠠᠨ ᠵᠦᠢᠯ ᠤᠨ ᠡᠯᠧᠮᠧᠨ᠋ᠲ ᠤᠨ ᠶᠡᠷᠦᠩᠬᠡᠶᠢᠯᠡᠭᠰᠡᠨ ᠨᠥᠯᠥᠭᠡ ᠠᠴᠠ ᠪᠣᠯᠤᠭᠰᠠᠨ ᠶᠤᠮ᠃ | ᠤᠷᠤᠭ ᠭᠡᠷ ᠪᠦᠯᠢ ᠶᠢᠨ ᠶᠠᠪᠤᠳᠠᠯ᠂ ᠡᠷᠬᠡ ᠳᠤ ᠬᠠᠯᠳᠠᠭᠰᠠᠨ ᠵᠡᠷᠭᠡ ᠬᠡᠷᠡᠭ ᠢ ᠰᠢᠭᠦᠬᠦ ᠳᠤ ᠬᠢᠨᠠᠨ ᠬᠠᠮᠠᠭᠠᠯᠠᠬᠤ | ᠬᠠᠷᠢᠭᠤᠴᠠᠯᠭ᠎ᠠ ᠪᠠ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠠᠵᠢᠯ ᠢ ᠴᠢᠬᠤᠯᠠᠴᠢᠯᠠᠨ ᠴᠢᠩᠭᠠᠳᠬᠠᠵᠤ᠂ | ᠡᠴᠢᠭᠡ ᠡᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ | ᠶᠣᠰᠣᠭᠠᠷ ᠭᠦᠢᠴᠡᠳᠬᠡᠯᠭᠡᠬᠦ ᠬᠡᠷᠡᠭᠲᠡᠢ᠃ ᠡᠭᠦᠨ ᠠᠴᠠ ᠭᠠᠳᠠᠨ᠎ᠠ᠂ ︽ᠠᠰᠠᠭᠤᠳᠠᠯ ᠲᠠᠢ ᠪᠠᠭᠠᠴᠤᠳ︾ ᠢ | ᠬᠥᠮᠥᠵᠢᠭᠦᠯᠦᠨ ᠵᠠᠯᠠᠷᠠᠭᠤᠯᠤᠨ ᠵᠠᠰᠠᠬᠤ ᠶᠠᠪᠤᠴᠠ ᠶᠢ ᠬᠡᠶᠢᠰᠪᠦᠷᠢᠴᠢᠯᠡᠵᠦ᠂ ᠶᠡᠭᠡ ᠬᠡᠮᠵᠢᠶᠡᠨ ᠤ ᠨᠠᠰᠤᠨ ᠳᠤ ᠥᠯᠥ | ᠭᠦᠷᠦᠭᠰᠡᠳ ᠬᠠᠤᠯᠢ ᠶᠢ ᠵᠥᠷᠢᠴᠡᠭᠰᠡᠨ ᠤ ᠳᠠᠷᠠᠭ᠎ᠠ ᠬᠢᠨᠠᠨ ᠬᠠᠮᠢᠶᠠᠷᠬᠤ ᠴᠢᠳᠠᠪᠤᠷᠢ ᠦᠭᠡᠢ᠂ ᠵᠠᠯᠠᠷᠠᠭᠤᠯᠤᠨ ᠵᠠᠰᠠᠬᠤ | ᠶᠠᠪᠤᠳᠠᠯ ᠨᠢ ᠬᠡᠢ ᠬᠤᠭᠤᠰᠤᠨ ᠪᠠᠶᠢᠳᠠᠯ ᠳᠤ ᠣᠷᠣᠰᠢᠵᠤ᠂ ᠬᠠᠤᠯᠢ ᠶᠢ ᠵᠥᠷᠢᠴᠡᠭᠰᠡᠨ ᠦᠶ᠋ᠯᠡ ᠠᠵᠢᠯᠯᠠᠭ᠎ᠠ ᠶᠢ ᠪᠠᠶᠢᠨ | ᠳᠠᠭᠢᠨ ᠬᠢᠵᠦ᠂ ᠡᠴᠦᠰ ᠲᠡᠭᠡᠨ ᠮᠠᠭᠤ ᠦᠷ᠎ᠡ ᠳ᠋ᠦᠩ ᠭᠠᠷᠭᠠᠵᠤ ᠶᠠᠯᠠᠲᠤ ᠠᠵᠢᠯᠯᠠᠭ᠎ᠠ ᠪᠣᠯᠵᠤ ᠪᠦᠷᠢᠯᠳᠦᠵᠡᠢ᠃ | ᠵᠢᠱᠢᠶᠡᠯᠡᠪᠡᠯ ᠨᠢᠭᠡᠨ ᠬᠡᠷᠡᠭ ᠲᠤ ᠵᠠᠭᠠᠯᠳᠤᠭᠳᠠᠭᠴᠢ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠪᠤ | ᠤᠳᠠᠭ᠎ᠠ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠪᠤᠯᠪᠠᠴᠤ ᠴᠥᠮ ᠪᠣᠳᠠᠲᠠᠢ ᠪᠠᠷ ᠭᠦᠢᠴᠡᠳᠬᠡᠭᠰᠡᠨ ᠦᠭᠡᠢ᠃ | ᠪᠠᠭ᠎ᠠ ᠨᠠᠰᠤᠨ ᠤ ᠨᠠᠰᠤᠨ ᠳᠤ ᠦᠯᠦ ᠭᠦᠷᠦᠭᠰᠡᠳ ᠢ ᠲᠤᠰᠬᠠᠶᠢᠯᠠᠨ ᠵᠠᠯᠠᠷᠠᠭᠤᠯᠤᠨ ᠵᠠᠰᠠᠬᠤ ᠪᠠᠶᠢᠭᠤᠯᠤᠮᠵᠢ ᠶᠢᠨ | ᠬᠦᠴᠦᠨ ᠪᠠᠭᠤᠷᠠᠢ ᠪᠠᠶᠢᠬᠤ ᠪᠠᠶᠢᠳᠠᠯ ᠢ ᠲᠦᠷᠭᠡᠬᠡᠨ ᠬᠤᠪᠢᠷᠠᠭᠤᠯᠵᠤ᠂ ᠲᠤᠰᠬᠠᠢ ᠰᠤᠷᠭᠠᠭᠤᠯᠢ ᠶᠢᠨ | ᠪᠠᠶᠢᠭᠤᠯᠤᠯᠲᠠ ᠶᠢ ᠲᠦᠷᠭᠡᠳᠬᠡᠨ᠂ ᠪᠠᠭᠠᠴᠤᠳ ᠤᠨ ᠬᠠᠤᠯᠢ ᠴᠠᠭᠠᠵᠠ ᠶᠢᠨ ᠪᠡᠶ᠎ᠡ ᠪᠠᠨ ᠳᠠᠭᠠᠭᠠᠭᠰᠠᠨ ᠰᠢᠰᠲ᠋ᠧᠮ ᠢ | ᠪᠠᠶᠢᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ | ᠤᠴᠠᠷᠠᠭᠤᠯᠤᠭᠰᠠᠨ ᠪᠤᠯᠪᠠᠴᠤ ᠡᠷᠡᠭᠦᠦ ᠶᠢᠨ ᠶᠠᠯ᠎ᠠ ᠪᠣᠯᠵᠤ ᠪᠦᠷᠢᠯᠳᠦᠭᠰᠡᠨ ᠦᠭᠡᠢ ᠨᠠᠰᠤᠨ ᠳᠤ ᠦᠯᠦ | ᠭᠦᠷᠦᠭᠰᠡᠳ ᠲᠤ ᠪᠠᠶᠢᠪᠠᠰᠤ ᠵᠣᠬᠢᠬᠤ ᠵᠠᠯᠠᠷᠠᠭᠤᠯᠤᠨ ᠵᠠᠰᠠᠬᠤ ᠬᠥᠮᠦᠵᠢᠯ ᠬᠦᠷᠲᠡᠭᠡᠬᠦ ᠬᠡᠷᠡᠭᠲᠡᠢ᠃ |