ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ ᠣᠯᠠᠨ | ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠪᠦᠭᠦ ᠤᠯᠤᠰ ᠤᠨ ᠵᠢᠭᠤᠯᠴᠢᠯᠠᠬᠰᠠᠳ ᠲᠤ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠳᠤ ᠰᠠᠭᠠᠲᠠᠵᠤ᠂ ᠬᠠᠪᠤᠷ ᠤᠨ ᠥᠩᠭᠡ ᠦᠵᠡᠮᠵᠢ ᠶᠢ ᠰᠣᠨᠢᠷᠬᠠᠨ ᠡᠯ᠎ᠡ ᠭᠠᠵᠠᠷ ᠤᠨ ᠵᠠᠩ ᠦᠢᠯᠡ᠂ | ᠰᠣᠶᠣᠯ ᠢᠷᠭᠡᠨᠰᠢᠯ ᠢ ᠪᠡᠶᠡᠴᠢᠯᠡᠨ ᠣᠶᠢᠯᠠᠭᠠᠵᠤ᠂ ᠠᠮᠲᠠᠲᠤ ᠢᠳᠡᠭᠡᠨ ᠠᠴᠠ ᠨᠢ ᠠᠮᠰᠠᠨ ᠵᠣᠭᠤᠭᠯᠠᠬᠤ ᠤᠷᠢᠯᠭ᠎ᠠ | ᠲᠠᠯᠪᠢᠯ᠎ᠠ᠃ ᠲᠤᠰ ᠤᠳᠠᠭ᠎ᠠ ᠶᠢᠨ ᠭᠠᠷᠭᠠᠭᠰᠠᠨ ︽ᠪᠡᠭᠡᠵᠢᠩ ᠥᠪᠥᠷ ᠮᠣᠩᠭᠤᠯ ᠤᠨ 10 ᠰᠣᠳᠣᠨ | ᠵᠢᠭᠤᠯᠴᠢᠯᠠᠯ ᠤᠨ ᠵᠠᠮ ᠱᠤᠭᠤᠮ︾ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ · ᠣᠲᠣ ᠦᠶ᠎ᠡ ᠶᠢᠨ ᠲᠠᠯ᠎ᠠ | ᠨᠤᠲᠤᠭ ᠤᠨ ᠵᠢᠭᠤᠯᠴᠢᠯᠠᠯ᠂ ᠨᠡᠶᠢᠰᠯᠡᠯ ᠤᠨ ᠠᠷᠤ ᠴᠡᠴᠡᠷᠯᠢᠭ · ᠡᠷᠡᠭᠦᠯᠵᠢᠯ ᠰᠤᠪᠢᠯᠠᠯᠲᠠ ᠠᠮᠠᠷᠠᠯᠲᠠ ᠶᠢᠨ | ᠵᠢᠭᠤᠯᠴᠢᠯᠠᠯ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ · ᠶᠡᠭᠡ ᠬᠢᠩᠭᠠᠨ ᠳᠠᠪᠠᠭ᠎ᠠ ᠶᠢᠨ ᠬᠤᠪᠢ ᠶᠢᠨ ᠮᠠᠰᠢᠨ | ᠲᠡᠷᠭᠡᠨ ᠤ ᠵᠢᠭᠤᠯᠴᠢᠯᠠᠯ᠂ ᠬᠤᠪᠢᠰᠬᠠᠯᠲᠤ ᠬᠢᠩᠭᠠᠨ · ᠷᠠᠰᠢᠶᠠᠨ ᠤ ᠣᠶ ᠰᠢᠭᠤᠢ ᠶᠢᠨ ᠵᠢᠭᠤᠯᠴᠢᠯᠠᠯ᠂ ᠲᠠᠯ᠎ᠠ | ᠨᠤᠲᠤᠭ ᠤᠨ ᠰᠢᠨ᠎ᠡ ᠬᠤᠲᠠ · ᠬᠤᠷᠴᠢᠨ ᠤ ᠬᠠᠶᠢᠨ ᠰᠢᠨᠵᠢᠯᠡᠬᠦ ᠵᠢᠭᠤᠯᠴᠢᠯᠠᠯ᠂ ᠤᠯᠠᠭᠠᠨᠬᠠᠳᠠ ᠶᠢᠨ ᠬᠠᠰ ᠯᠤᠤ · | ᠠᠮᠲᠠᠲᠤ ᠢᠳᠡᠭᠡᠨ ᠤ ᠵᠢᠭᠤᠯᠴᠢᠯᠠᠯ᠂ ᠠᠭᠤᠳᠠᠮ ᠲᠠᠯ᠎ᠠ · ᠮᠢᠩᠭᠠᠨ ᠭᠠᠵᠠᠷ ᠤᠨ ᠦᠵᠡᠮᠵᠢ ᠪᠡᠶ᠎ᠡ ᠲᠠᠮᠢᠷ ᠤᠨ | ᠵᠢᠭᠤᠯᠴᠢᠯᠠᠯ᠂ ᠬᠠᠲᠤᠨ ᠭᠤᠣᠯ ᠤᠨ ᠶᠡᠭᠡ ᠲᠣᠬᠤᠢ · ᠰᠣᠶᠣᠯ ᠤᠨ ᠡᠬᠢ ᠡᠭᠦᠰᠦᠯ ᠢ ᠰᠤᠳᠤᠯᠤᠨ ᠰᠤᠷᠤᠯᠴᠠᠬᠤ | ᠵᠢᠭᠤᠯᠴᠢᠯᠠᠯ᠂ ᠮᠢᠩᠭᠠᠨ ᠣᠨ ᠤ ᠲᠣᠣᠷᠠᠢ · ᠡᠯᠡᠰᠦᠨ ᠴᠥᠯ ᠤᠨ ᠵᠢᠭᠤᠯᠴᠢᠯᠠᠯ᠂ ᠳᠥᠷᠪᠡᠨ ᠤᠯᠠᠷᠢᠯ ᠤᠨ ᠦᠵᠡᠮᠵᠢ | · ᠮᠥᠰᠥ ᠴᠠᠰᠤᠨ ᠤ ᠵᠢᠭᠤᠯᠴᠢᠯᠠᠯ ᠵᠡᠷᠭᠡ 10 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠨᠢ ᠪᠦᠭᠦ | ᠣᠷᠣᠨ ᠤ 12 ᠠᠶᠢᠮᠠᠭ ᠬᠤᠳᠠ ᠶᠢᠨ ᠰᠣᠩᠭᠤᠳᠠᠭ ᠦᠵᠡᠮᠵᠢ ᠶᠢᠨ ᠴᠡᠭ ᠪᠦᠭᠦᠨ ᠢ ᠬᠠᠮᠤᠷᠴᠤ᠂ | ᠵᠢᠭᠤᠯᠴᠢᠯᠠᠬᠰᠠᠳ ᠲᠤ ᠤᠮᠠᠷᠠᠲᠤ ᠬᠢᠯᠢ ᠶᠢᠨ ᠦᠵᠡᠮᠵᠢ ᠶᠢ ᠰᠣᠨᠢᠷᠬᠠᠭᠤᠯᠬᠤ ᠶᠢᠨ ᠬᠠᠮᠲᠤ ᠤᠮᠠᠷᠠᠲᠤ ᠬᠢᠯᠢ ᠶᠢᠨ | ᠰᠣᠶᠣᠯ ᠢ ᠣᠶᠢᠯᠠᠭᠠᠭᠤᠯᠬᠤ ᠪᠣᠯᠣᠨ᠎ᠠ᠃ ᠲᠤᠰ ᠤᠳᠠᠭ᠎ᠠ ᠪᠠᠰᠠ ︽ᠥᠪᠥᠷ ᠮᠣᠩᠭᠤᠯᠴᠤᠳ ᠥᠪᠥᠷ | ᠮᠣᠩᠭᠤᠯ ᠳᠠᠭᠠᠨ ᠵᠢᠭᠤᠯᠴᠢᠯᠠᠬᠤ ᠰᠣᠳᠣᠨ ᠵᠢᠭᠤᠯᠴᠢᠯᠠᠯ ᠤᠨ ᠱᠤᠭᠤᠮ︾ ᠢ ᠭᠠᠷᠭᠠᠵᠤ᠂ ᠭᠦᠭᠡᠬᠤᠲᠠ ᠶᠢᠨ ︽ | ᠬᠠᠶᠢᠷ᠎ᠠ ᠪᠢᠯᠬᠠᠭᠰᠠᠨ ᠭᠦᠭᠡᠬᠤᠲᠠ︾ 5 ᠡᠳᠦᠷ ᠤᠨ ᠵᠢᠭᠤᠯᠴᠢᠯᠠᠯ᠂ ᠪᠤᠭᠤᠲᠤ ᠬᠤᠲᠠ ᠶᠢᠨ ︽ᠮᠢᠨᠤ ᠬᠠᠪᠤᠷ ᠤᠨ | ᠪᠣᠯᠵᠤᠭ᠎ᠠ︾ 3 ᠡᠳᠦᠷ ᠤᠨ ᠵᠢᠭᠤᠯᠴᠢᠯᠠᠯ᠂ ᠬᠥᠯᠥᠨ ᠪᠤᠶᠢᠷ ᠬᠤᠲᠠ ᠶᠢᠨ ︽ᠴᠡᠴᠡᠭᠲᠦ ᠤᠯᠠᠷᠢᠯ ᠤᠨ ᠪᠠᠭ᠋ᠠᠷᠬᠠᠯ︾ | 4 ᠡᠳᠦᠷ ᠤᠨ ᠵᠢᠭᠤᠯᠴᠢᠯᠠᠯ᠂ ᠬᠢᠩᠭᠠᠨ ᠠᠶᠢᠮᠠᠭ ᠤᠨ ︽ᠬᠠᠪᠤᠷ ᠰᠠᠭᠠᠲᠠᠭᠰᠠᠨ ᠨᠤᠲᠤᠭ︾ 5 ᠡᠳᠦᠷ ᠤᠨ | ᠵᠢᠭᠤᠯᠴᠢᠯᠠᠯ᠂ ᠲᠦᠩᠯᠢᠶᠣᠣ ᠬᠤᠳᠠ ᠶᠢᠨ ︽ᠪᠠᠷᠠᠭᠤᠨ ᠯᠢᠶᠤᠤ ᠾᠧ ᠭᠤᠣᠯ ᠤᠨ ᠬᠠᠪᠤᠷ ᠤᠨ ᠦᠵᠡᠮᠵᠢ︾ 3 | ᠡᠳᠦᠷ ᠤᠨ ᠵᠢᠭᠤᠯᠴᠢᠯᠠᠯ᠂ ᠤᠯᠠᠭᠠᠨᠬᠠᠳᠠ ᠬᠤᠳᠠ ᠶᠢᠨ 5 ᠡᠳᠦᠷ ᠤᠨ ᠰᠣᠳᠣᠨ ᠵᠢᠭᠤᠯᠴᠢᠯᠠᠯ᠂ ᠰᠢᠯᠢ ᠶᠢᠨ ᠭᠤᠣᠯ | ᠠᠶᠢᠮᠠᠭ ᠤᠨ ᠬᠤᠪᠢ ᠶᠢᠨ ᠮᠠᠰᠢᠨ ᠲᠡᠷᠭᠡᠨ ᠤ 4 ᠡᠳᠦᠷ ᠤᠨ ᠵᠢᠭᠤᠯᠴᠢᠯᠠᠯ᠂ ᠤᠯᠠᠭᠠᠨᠴᠠᠪ ᠬᠤᠳᠠ ᠶᠢᠨ 3 | ᠡᠳᠦᠷ ᠤᠨ ᠰᠣᠳᠣᠨ ᠵᠢᠭᠤᠯᠴᠢᠯᠠᠯ᠂ ᠣᠷᠳᠣᠰ ᠬᠤᠳᠠ ᠶᠢᠨ 3 ᠡᠳᠦᠷ ᠤᠨ ᠭᠡᠷ ᠪᠦᠯᠢ ᠶᠢᠨ ᠵᠢᠭᠤᠯᠴᠢᠯᠠᠯ᠂ | ᠪᠠᠶᠠᠨᠨᠠᠭᠤᠷ ᠬᠤᠳᠠ ᠶᠢᠨ ︽ᠮᠤᠨᠢ ᠶᠢᠨ ᠠᠶᠠᠨ︾ 5 ᠡᠳᠦᠷ ᠤᠨ ᠵᠢᠭᠤᠯᠴᠢᠯᠠᠯ᠂ ᠦᠬᠠᠢ ᠬᠤᠳᠠ ᠶᠢᠨ | ᠦᠵᠡᠰᠬᠦᠯᠡᠩᠲᠦ ᠦᠬᠠᠢ ᠶᠢᠨ 3 ᠡᠳᠦᠷ ᠤᠨ ᠵᠢᠭᠤᠯᠴᠢᠯᠠᠯ᠂ ᠠᠯᠠᠱᠠ ᠠᠶᠢᠮᠠᠭ ᠤᠨ ︽ᠠᠯᠠᠱᠠ ᠶᠢ ᠵᠣᠷᠢᠬᠤᠢ︾ 5 | ᠡᠳᠦᠷ ᠤᠨ ᠵᠢᠭᠤᠯᠴᠢᠯᠠᠯ᠂ ᠮᠠᠨᠵᠤᠤᠷ ᠬᠤᠳᠠ ᠶᠢᠨ 2 ᠡᠳᠦᠷ ᠤᠨ ᠵᠢᠭᠤᠯᠴᠢᠯᠠᠯ ᠵᠡᠷᠭᠡ ᠵᠠᠮ ᠱᠤᠭᠤᠮ ᠢ ᠪᠠᠭᠲᠠᠭᠠᠪᠠ | ᠃ ᠡᠳᠡᠭᠡᠷ ᠵᠠᠮ ᠱᠤᠭᠤᠮ ᠳᠤ ᠡᠯ᠎ᠡ ᠠᠶᠢᠮᠠᠭ ᠬᠤᠳᠠ ᠶᠢᠨ ᠨᠡᠷᠡᠳᠦ ᠵᠢᠭᠤᠯᠴᠢᠯᠠᠯ ᠤᠨ ᠭᠠᠵᠠᠷ᠂ ᠲᠡᠦᠬᠡ᠂ ᠰᠣᠶᠣᠯ | ᠢᠷᠭᠡᠨᠰᠢᠯ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠢᠯᠡ ᠵᠡᠷᠭᠡ ᠠᠭᠤᠯᠭ᠎ᠠ ᠶᠢ ᠬᠠᠮᠤᠷᠴᠤ᠂ | ᠠᠶᠠᠯᠠᠯ ᠤᠨ ᠴᠠᠭ ᠬᠤᠭᠤᠴᠠᠭ᠎ᠠ ᠶᠢ ᠲᠣᠭᠲᠠᠭᠠᠭᠰᠠᠨ ᠮᠥᠷᠲᠡᠭᠡᠨ ᠪᠠᠰᠠ ᠵᠠᠷᠤᠳᠠᠯ ᠮᠥᠩᠭᠦ᠂ ᠬᠤᠨᠤᠭ ᠪᠠᠭᠤᠳᠠᠯ᠂ | ᠡᠭᠦᠳᠡᠨ ᠪᠢᠯᠧᠲ᠂ ᠬᠤᠭᠤᠯᠠ ᠤᠮᠳᠠ ᠵᠡᠷᠭᠡ ᠲᠠᠯ᠎ᠠ ᠪᠠᠷ ᠵᠢᠭᠤᠯᠴᠢᠯᠠᠬᠰᠠᠳ ᠲᠤ ᠲᠦᠭᠦᠮ ᠳᠥᠲᠡ ᠨᠥᠬᠦᠴᠡᠯ | ᠪᠣᠯᠣᠯᠴᠠᠭ᠎ᠠ ᠶᠢ ᠪᠦᠷᠢᠯᠳᠦᠭᠦᠯᠦᠨ ᠥᠭᠴᠡᠢ᠃ ᠭᠤᠸᠠᠩᠵᠧᠦ᠂ ᠱᠠᠩᠬᠠᠢ ᠵᠡᠷᠭᠡ ᠭᠠᠵᠠᠷ ᠤᠨ ᠵᠢᠭᠤᠯᠴᠢᠯᠠᠬᠰᠠᠳ ᠲᠤ | ᠴᠢᠭᠯᠡᠭᠦᠯᠦᠨ ︽ᠯᠤᠤ ᠵᠢᠯ ᠤᠨ ᠵᠢᠭᠤᠯᠴᠢᠯᠠᠯ︾ ᠬᠤᠩᠱᠠᠨ ᠰᠣᠶᠣᠯ ᠤᠨ 4 ᠡᠳᠦᠷ ᠤᠨ ᠵᠢᠭᠤᠯᠴᠢᠯᠠᠯ ᠤᠨ ᠰᠣᠳᠣᠨ | ᠵᠠᠮ ᠱᠤᠭᠤᠮ᠂ ᠠᠯᠠᠱᠠ ᠶᠢᠨ ᠮᠢᠩᠭᠠᠨ ᠣᠨ ᠤ ᠲᠣᠣᠷᠠᠢ · ᠠᠯᠲᠠᠨ ᠰᠢᠷᠭᠠᠯ ᠡᠯᠡᠰᠦ ᠶᠢᠨ 7 ᠡᠳᠦᠷ ᠤᠨ | ᠵᠢᠭᠤᠯᠴᠢᠯᠠᠯ ᠤᠨ ᠰᠣᠳᠣᠨ ᠵᠠᠮ ᠱᠤᠭᠤᠮ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠦᠵᠡᠮᠵᠢ · | ᠲᠠᠯ᠎ᠠ ᠨᠤᠲᠤᠭ ᠤᠨ 5 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠵᠡᠷᠭᠡ 10 ᠵᠤᠷᠪᠤᠰ | ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠵᠤ᠂ ᠬᠤᠯᠠ ᠶᠢᠨ ᠵᠢᠭᠤᠯᠴᠢᠯᠠᠬᠰᠠᠳ ᠢ ᠦᠵᠡᠰᠬᠦᠯᠡᠩᠲᠦ | ᠰᠠᠶᠢᠬᠠᠨ ᠤᠮᠠᠷᠠᠲᠤ ᠬᠢᠯᠢ ᠪᠠᠷ ᠪᠠᠭ᠋ᠠᠳᠤᠨ ᠵᠤᠭᠠᠴᠠᠭᠤᠯᠵᠤ᠂ ᠥᠪᠥᠷ ᠮᠣᠩᠭᠤᠯ ᠢ ᠭᠦᠨᠵᠡᠭᠡᠢ ᠣᠶᠢᠯᠠᠭᠠᠬᠤ ᠳᠤ | ᠨᠥᠬᠦᠴᠡᠯ ᠪᠦᠷᠢᠳᠦᠭᠦᠯᠵᠦ ᠥᠭᠪᠡ᠃ ᠪᠠᠰᠠ ᠶᠠᠭᠰᠢ ᠬᠤᠳᠠ᠂ ᠭᠡᠭᠡᠨ ᠭᠤᠣᠯ ᠬᠤᠳᠠ᠂ ᠨᠠᠢᠮᠠᠨ ᠬᠤᠰᠢᠭᠤ᠂ | ᠠᠷᠤᠨ ᠬᠤᠰᠢᠭᠤ ᠵᠡᠷᠭᠡ ᠭᠠᠵᠠᠷ ᠢ ᠪᠠᠭᠲᠠᠭᠠᠭᠰᠠᠨ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠥᠷᠭᠡᠨ ᠤᠯᠠᠨ ᠵᠢᠭᠤᠯᠴᠢᠯᠠᠬᠰᠠᠳ ᠲᠤ ᠤᠮᠠᠷᠠᠲᠤ ᠬᠢᠯᠢ ᠶᠢᠨ | ᠲᠥᠯᠵᠢᠬᠦ ᠬᠠᠪᠤᠷ ᠤᠨ ᠥᠪᠡᠷᠮᠢᠴᠡ ᠥᠩᠭᠡ ᠦᠵᠡᠮᠵᠢ ᠶᠢ ᠰᠣᠨᠢᠷᠬᠠᠭᠤᠯᠬᠤ ᠶᠢ ᠵᠣᠷᠢᠭᠰᠠᠨ ᠪᠠᠶᠢᠨ᠎ᠠ᠃ |