ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠬᠢᠭᠡᠳ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/4/23
    ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠢᠲᠡᠭᠡᠮᠵᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠭᠰᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠵᠡᠷᠭᠡ ᠲᠠᠯ᠎ᠠ ᠪᠠᠷ ᠬᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠢᠳᠡᠪᠬᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠠᠵᠢᠯ ᠤᠨ ᠲᠥᠰᠥᠯ︾ ᠎ ᠢ ᠲᠣᠭᠲᠠᠭᠠᠬᠤ ᠶᠢᠨ ᠬᠠᠮᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠡᠭᠦᠷᠭᠡᠯᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠵᠦᠢᠯ ᠤᠨ ᠠᠵᠢᠯ ᠤᠨ ︽ᠴᠠᠭ ᠤᠨ ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾᠎ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠬᠠᠭᠤᠯᠭ᠎ᠠ ᠬᠥᠮᠦᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ 3.15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢᠶᠠᠷ ᠠᠵᠠ ᠲᠣᠬᠢᠶᠠᠯ ᠪᠣᠯᠭᠠᠨ᠂ ᠣᠯᠠᠨ ᠶᠠᠩᠵᠤ ᠬᠡᠯᠪᠡᠷᠢ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠪᠣᠯᠣᠨ ᠬᠡᠷᠡᠭᠯᠡᠭᠴᠢᠳ ᠤᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢᠲᠡᠢ ᠬᠤᠳᠠᠯᠳᠤᠭ᠎ᠠ ᠰᠣᠶᠣᠯ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠪᠠ᠃ ᠡᠭᠦᠨ ᠠᠴᠠ ᠭᠠᠳᠠᠨ᠎ᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠣᠳᠣᠬᠠᠨ᠂ ᠬᠠᠤᠯᠢ ᠬᠡᠷᠡᠭᠵᠢᠭᠦᠯᠬᠦ ᠠᠵᠢᠯᠲᠠᠨ ᠢ 120 ᠬᠥᠮᠥᠨ ᠤᠳᠠᠭ᠎ᠠ ᠬᠥᠳᠡᠯᠭᠡᠵᠦ᠂ 116 ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠭᠰᠠᠨ ᠪᠥᠭᠡᠳ ᠬᠠᠤᠯᠢ ᠶᠢ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠲᠠᠢ 16 ᠬᠤᠳᠠᠯᠳᠤᠭᠠᠨ ᠤ ᠡᠷᠦᠬᠡ ᠳᠤ ᠵᠠᠰᠠᠭ ᠵᠠᠬᠢᠷᠭᠠᠨ ᠤ ᠰᠢᠢᠳᠬᠡᠯ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠵᠢᠴᠢ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠠᠭ ᠤᠨ ᠲᠣᠭᠤᠷᠢᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠡᠵᠡᠩᠨᠡᠯᠲᠡ ᠶᠢᠨ ᠭᠤᠣᠯ ᠴᠣᠭᠴᠠ ᠪᠣᠯᠣᠨ ᠥᠷᠭᠡᠨ ᠣᠯᠠᠨ ᠲᠦᠮᠡᠨ ᠤ ᠣᠶᠢᠯᠠᠭᠠᠬᠤ ᠨᠣᠷᠮ᠎ᠠ ᠪᠣᠯᠣᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号