4 ᠰᠠᠷ᠎ᠠ ᠠᠴᠠ ᠡᠬᠢᠯᠡᠵᠦ ᠬᠡᠷᠡᠭᠵᠢᠭᠦᠯᠬᠦ ᠰᠢᠨ᠎ᠡ ᠲᠣᠭᠲᠠᠭᠠᠯ ᠤᠳ︕
ᠨᠡᠶᠢᠲᠡᠯᠡᠭᠰᠡᠨ ᠴᠠᠭ᠄
2024/4/23
    · ︽ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠪᠠᠶᠢᠭᠤᠯᠤᠮᠵᠢ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠷᠢᠮᠵᠢᠶ᠎ᠠ ︾᠎ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ᠢᠲᠡᠭᠡᠮᠵᠢ ᠶᠢᠨ ᠲᠤᠬᠠᠶ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠳᠥᠭᠦᠮᠴᠢᠯᠡᠵᠦ᠂ ᠰᠢᠨ᠎ᠡ ᠲᠣᠭᠲᠠᠭᠠᠯ ᠢ 4 ᠰᠠᠷ᠎ᠠ ᠶᠢᠨ 15᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ᠰᠢᠨ᠎ᠡ ᠬᠡᠪᠯᠡᠯ ᠤᠨ ︽ᠬᠡᠷᠡᠭᠯᠡᠭᠡᠨ ᠤ ᠮᠥᠩᠭᠦᠨ ᠬᠦᠢᠯᠭᠡᠭᠡᠨ ᠤ ᠺᠣᠮᠫᠠᠨᠢ ᠶᠢᠨ ᠬᠠᠮᠢᠶᠠᠷᠤᠯᠲᠠ ᠶᠢᠨ ᠠᠷᠭ᠎ᠠ︾᠎ ᠶᠢ 4 ᠰᠠᠷ᠎ᠠ ᠶᠢᠨ 18᠎ ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠦᠨ᠎ᠡ · ᠰᠢᠨ᠎ᠡ ᠰᠣᠷᠭᠤᠭ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠲᠠᠢ ᠬᠤᠯᠪᠣᠭ᠎ᠠ ᠲᠠᠢ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠭᠡᠨ ᠬᠦᠷᠭᠡᠯᠲᠡ ᠶᠢᠨ ᠦᠢᠯᠡᠴᠢᠯᠡᠭᠡ︾᠎ ᠶᠢᠨ ᠤᠯᠤᠰ ᠤᠨ ᠪᠠᠷᠢᠮᠵᠢᠶ᠎ᠠ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ᠬᠢᠯᠢ ᠶᠢᠨ ᠭᠠᠳᠠᠨᠠᠬᠢ ᠠᠷᠠᠯᠵᠢᠶᠠᠨ ᠤ ᠲᠡᠮᠳᠡᠭᠲᠦ ᠶᠢᠨ ᠭᠠᠶᠢᠯᠢ ᠶᠢᠨ ᠬᠠᠷᠠᠭᠠᠯᠵᠠᠯ ᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠱᠠᠩᠬᠠᠶ ᠳᠤ ᠲᠤᠷᠰᠢᠨ ᠬᠡᠷᠡᠭᠵᠢᠭᠦᠯᠦᠨ᠎ᠡ · ︽ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ ᠪᠥᠬᠦ ᠲᠤᠭ᠎ᠠ ᠪᠠᠷ ᠪᠠᠲᠤᠯᠠᠬᠤ ᠴᠢᠨᠠᠷᠲᠠᠶ ᠪᠠᠷ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠠᠷᠭ᠎ᠠ︾᠎ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠢᠭᠤᠯᠴᠢᠯᠠᠯ ᠤᠨ ᠬᠥᠲᠥᠴᠢ ᠶᠢᠨ ᠦᠢᠯᠡᠴᠢᠯᠡᠭᠡᠨ ᠤ ᠵᠢᠷᠤᠮᠵᠢᠯ︾᠎ ᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ︽ᠲᠥᠪ ᠤᠨ ᠨᠥᠭᠡᠴᠡ ᠬᠥᠪᠥᠩ ᠤᠨ ᠬᠠᠮᠢᠶᠠᠷᠤᠯᠲᠠ ᠶᠢᠨ ᠠᠷᠭ᠎ᠠ︾᠎ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ · ︽ᠨᠡᠭᠦᠷᠡᠰᠦᠨ ᠤ ᠵᠠᠰᠠᠭ ᠵᠠᠬᠢᠷᠭᠠᠨ ᠤ ᠲᠤᠷᠭᠠᠭᠤᠯᠢ ᠰᠢᠢᠳᠭᠡᠯ ᠤᠨ ᠠᠷᠭ᠎ᠠ︾᠎ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ     
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号