ᠨᠠᠨᠵᠢᠩ ᠤᠨ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠲᠣᠰ ᠰᠤᠷᠭᠠᠭᠤᠯᠢ ᠶᠢᠨ | ᠣᠷᠴᠢᠨ ᠲᠣᠭᠤᠷᠢᠨ ᠬᠢᠭᠡᠳ ᠠᠮᠢᠳᠤ ᠪᠣᠳᠠᠰ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠩ ᠰᠢᠤᠸᠠᠨ | ᠫᠷᠤᠹᠧᠰᠰᠤᠷ ᠤᠨ ᠪᠦᠯᠬᠦᠮ ᠨᠢ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ ᠨᠡᠪᠴᠢᠯᠲᠡ ᠶᠢ ᠰᠡᠷᠭᠡᠶᠢᠯᠡᠬᠦ | ᠪᠦᠷᠬᠦᠬᠦᠯ ᠢ ᠰᠤᠳᠤᠯᠤᠨ ᠦᠢᠯᠡᠳᠴᠦ᠂ ᠤᠳᠤ ᠶᠢᠨ ᠭᠤᠤᠯ ᠬᠡᠷᠡᠭᠯᠡᠭᠳᠡᠵᠤ ᠪᠠᠶᠢᠭ᠎ᠠ ᠪᠦᠭᠡᠭᠡᠨᠡᠷᠠᠯ ᠠᠮᠢᠳ᠋ ᠤᠨ | ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠤᠨ ᠣᠯᠠᠨ ᠵᠦᠢᠯ ᠤᠨ ᠳᠤᠲᠠᠭᠳᠠᠯ ᠢ ᠢᠯᠡᠨ ᠳᠠᠪᠠᠵᠤ᠂ ᠲᠠᠷᠠᠭᠠᠴᠢ ᠶᠢᠨ | ᠦᠶ᠎ᠡ ᠶᠢᠨ ᠲᠡᠯᠡᠶ ᠶᠢᠨ ᠤᠰᠤ ᠶᠢ ᠴᠡᠩᠭᠡᠭᠵᠢᠭᠦᠯᠬᠦ ᠮᠡᠷᠭᠡᠵᠢᠯ ᠳᠤ ᠰᠢᠨ᠎ᠡ ᠲᠥᠰᠦᠯ ᠬᠠᠩᠭᠠᠪᠠ᠃ ᠬᠤᠯᠪᠣᠭᠳᠠᠯ | ᠪᠥᠬᠦᠶ ᠦᠷ᠎ᠡ ᠪᠦᠲᠦᠭᠡᠯ ᠢ 19 ᠤ ᠡᠳᠦᠷ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ | ᠰᠢᠨᠵᠢᠯᠡᠬᠦ ᠤᠬᠠᠭᠠᠨ︾ ᠳᠡᠭᠡᠷ᠎ᠡ ᠨᠡᠶᠢᠲᠡᠯᠡᠪᠡ᠃ | ᠵᠠᠩ ᠰᠢᠤᠸᠠᠨ ᠤ ᠲᠠᠨᠢᠯᠴᠠᠭᠤᠯᠤᠭᠰᠠᠨ ᠢᠶᠠᠷ᠂ ᠨᠡᠪᠴᠢᠯᠲᠡ ᠶᠢ ᠰᠡᠷᠭᠡᠶᠢᠯᠡᠬᠦ ᠪᠦᠷᠬᠦᠭᠦᠯ ᠪᠣᠯ ᠲᠡᠯᠡᠶ ᠶᠢᠨ | ᠤᠰᠤ ᠶᠢ ᠴᠡᠩᠭᠡᠭᠵᠢᠭᠦᠯᠬᠦ ᠲᠥᠬᠦᠭᠡᠷᠦᠮᠵᠢ ᠶᠢᠨ ᠵᠠᠩᠭᠢᠯᠠᠭ᠎ᠠ ᠶᠢᠨ ᠲᠣᠨᠣᠭᠯᠠᠯ ᠮᠥᠨ᠂ ᠣᠳᠣᠬᠠᠨ ᠳᠤ ᠭᠤᠤᠯ | ᠬᠡᠷᠡᠭᠯᠡᠭᠳᠡᠵᠤ ᠪᠠᠶᠢᠭ᠎ᠠ ᠨᠡᠪᠴᠢᠯᠲᠡ ᠶᠢ ᠰᠡᠷᠭᠡᠶᠢᠯᠡᠬᠦ ᠪᠦᠷᠬᠦᠭᠦᠯ ᠨᠢ ᠭᠤᠤᠯᠳᠠᠭᠤ ᠪᠥᠭᠡᠭᠡᠨᠡᠷᠡᠯ ᠠᠮᠢᠳ᠋ ᠤᠨ | ᠮᠠᠲ᠋ᠧᠷᠢᠶᠠᠯ ᠳᠤ ᠰᠠᠭᠤᠷᠢᠯᠠᠵᠤ᠂ ᠠᠮᠧᠷᠢᠺᠠ᠂ ᠶᠠᠫᠣᠨ ᠵᠡᠷᠭᠡ ᠤᠯᠤᠰ ᠤᠨ ᠬᠡᠳᠦᠨ ᠺᠣᠮᠫᠠᠨᠢ ᠪᠥᠬᠦ ᠳᠡᠯᠡᠬᠡᠶ ᠶᠢᠨ ᠵᠠᠬ᠎ᠠ | ᠳᠡᠯᠭᠡᠭᠦᠷ ᠤᠨ ᠶᠡᠬᠡᠩᠬᠢ ᠬᠤᠪᠢ ᠶᠢ ᠡᠵᠡᠯᠡᠵᠦ ᠪᠠᠶᠢᠨ᠎ᠠ᠃ | ︽ᠬᠡᠳᠦ᠋ᠪᠡᠷ ᠪᠥᠭᠡᠭᠡᠨᠡᠷᠡᠯ ᠠᠮᠢᠳ᠋ ᠤᠨ ᠮᠠᠲ᠋ᠧᠷᠢᠶᠠᠯ ᠤᠨ ᠱᠦᠭᠦᠬᠦ ᠴᠢᠳᠠᠮᠵᠢ ᠨᠢ ᠨᠢᠭᠡᠨᠲᠡ ᠮᠠᠰᠢ ᠰᠠᠶᠢᠨ | ᠪᠣᠯᠤᠭᠰᠠᠨ ᠪᠣᠯᠪᠠᠴᠤ ᠢᠨᠵᠧᠨᠧᠷᠢᠩ ᠤᠨ ᠬᠡᠷᠡᠭᠯᠡᠯᠲᠡ ᠳᠤ ᠮᠥᠨ ᠯᠡ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ | ︾᠃ ᠵᠠᠩ ᠰᠢᠤᠸᠠᠨ ᠰᠤᠷᠪᠤᠯᠵᠢᠯᠠᠭᠴᠢ ᠳᠤ᠂ ᠾᠯᠣᠷ ᠲᠤ ᠳᠠᠭᠠᠭᠠᠮᠠᠭᠠᠶ ᠴᠢᠨᠠᠷ ᠢᠶᠠᠷ ᠵᠢᠱᠢᠶᠡᠯᠡᠪᠡᠯ᠂ ᠲᠡᠯᠡᠶ ᠶᠢᠨ | ᠤᠰᠤ ᠶᠢ ᠤᠷᠢᠳᠴᠢᠯᠠᠨ ᠰᠢᠢᠳᠪᠦᠷᠢᠯᠡᠬᠦ ᠳᠤ ᠾᠯᠣᠷᠳᠤ ᠠᠷᠢᠭᠤᠳᠬᠠᠯ ᠬᠢᠬᠦ ᠴᠢᠬᠤᠯᠠᠲᠠᠶ᠂ ᠭᠡᠪᠡᠴᠦ ᠾᠯᠣᠷᠳᠤ | ᠠᠷᠢᠭᠤᠳᠬᠠᠭᠤᠷ ᠡᠳ᠋ ᠨᠢ ᠪᠥᠭᠡᠭᠡᠨᠡᠷᠡᠯ ᠠᠮᠢᠳ᠋ ᠤᠨ ᠪᠦᠷᠬᠦᠬᠦᠯ ᠤᠨ ᠬᠢᠮᠢ ᠶᠢᠨ ᠪᠦᠲᠦᠴᠡ ᠳᠤ ᠰᠥᠷᠴᠦ ᠪᠣᠯᠤᠰᠢ | ᠥᠬᠡᠶ ᠭᠡᠮᠲᠦᠯ ᠤᠴᠠᠷᠠᠭᠤᠯᠵᠤ᠂ ᠴᠢᠨᠠᠭᠰᠢᠯᠠᠪᠠᠯ ᠲᠡᠭᠦᠨ ᠢ ᠰᠢᠭᠤᠳ ᠵᠠᠳᠠᠷᠠᠭᠤᠯᠳᠠᠭ᠂ ᠡᠶᠢᠮᠦ ᠠᠴᠠ ᠲᠡᠯᠡᠶ ᠶᠢᠨ | ᠤᠰᠤᠨ ᠳᠤ ᠾᠯᠣᠷᠲᠤ ᠠᠷᠢᠭᠤᠳᠬᠠᠯ ᠬᠢᠭᠰᠡᠨ ᠤ ᠳᠠᠷᠠᠭ᠎ᠠ ᠡᠷᠬᠡᠪᠰᠢ ᠾᠯᠣᠷ ᠥᠬᠡᠶᠢᠳᠡᠭᠦᠯᠬᠦ ᠠᠵᠢᠯ ᠬᠡᠷᠡᠭᠲᠡᠶ ᠭᠡᠵᠤ | ᠲᠠᠨᠢᠯᠴᠠᠭᠤᠯᠵᠠᠢ᠃ | ᠵᠠᠩ ᠰᠢᠤᠸᠠᠨ ᠤ ᠪᠦᠯᠬᠦᠮ ᠨᠢ 2014 ᠣᠨ ᠠᠴᠠ ᠡᠬᠢᠯᠡᠨ ᠰᠢᠨ᠎ᠡ ᠬᠡᠯᠪᠡᠷᠢ ᠶᠢᠨ ᠨᠡᠪᠴᠢᠯᠲᠡ ᠶᠢ ᠰᠡᠷᠭᠡᠶᠢᠯᠡᠬᠦ | ᠪᠦᠷᠬᠦᠬᠦᠯ ᠤᠨ ᠮᠠᠲ᠋ᠧᠷᠢᠶᠠᠯ ᠢ ᠰᠤᠳᠤᠯᠵᠤ᠂ ᠪᠦᠷᠬᠦᠬᠦᠯ ᠤᠨ ᠮᠠᠲ᠋ᠧᠷᠢᠶᠠᠯ ᠤᠨ ᠬᠢᠮᠢ ᠶᠢᠨ ᠳᠠᠭᠠᠭᠠᠴᠠ ᠶᠢ | ᠰᠠᠶᠢᠵᠢᠷᠠᠭᠤᠯᠬᠤ ᠶᠢ ᠪᠣᠳᠣᠯᠬᠢᠯᠠᠵᠤ᠂ ᠤᠯᠠᠮᠵᠢᠯᠠᠯᠲᠤ ᠪᠥᠭᠡᠭᠡᠨᠡᠷᠡᠯ ᠠᠮᠢᠳ᠋ ᠤᠨ ᠪᠦᠷᠬᠦᠭᠦᠯ ᠨᠢ ᠬᠡᠷᠬᠢᠨ ᠢᠳᠡᠪᠬᠢ | ᠾᠯᠣᠷ ᠤᠨ ᠳᠠᠭᠠᠷᠢᠯᠲᠠ ᠳᠤ ᠪᠠᠭᠤᠷᠠᠨ ᠵᠠᠳᠠᠷᠠᠳᠠᠭ ᠢ ᠵᠠᠳᠠᠯᠪᠠ᠃ | ︽ᠡᠬᠢᠨ ᠳᠡᠭᠡᠨ ᠪᠢᠳᠡ ᠪᠥᠭᠡᠭᠡᠨᠡᠷᠡᠯ ᠠᠮᠢᠳ᠋ ᠤᠨ ᠮᠠᠲ᠋ᠧᠷᠢᠶᠠᠯ ᠢ ᠥᠭᠡᠷᠡᠴᠢᠯᠡᠨ ᠰᠠᠶᠢᠵᠢᠷᠠᠭᠤᠯᠬᠤ ᠪᠠᠷ | ᠤᠷᠤᠯᠳᠤᠵᠤ ᠪᠠᠶᠢᠵᠠᠶ᠂ ᠭᠡᠪᠡᠴᠦ ᠰᠡᠭᠦᠯᠡᠷ ᠨᠢ ᠰᠤᠳᠤᠯᠭᠠᠨ ᠢᠶᠠᠷ ᠣᠯᠵᠤ ᠮᠡᠳᠡᠭᠰᠡᠨ ᠨᠢ᠂ ᠪᠥᠭᠡᠭᠡᠨᠡᠷᠡᠯ ᠠᠮᠢᠳ᠋ ᠤᠨ | ᠠᠩᠬᠠᠨ ᠤ ᠳᠤᠲᠠᠭᠳᠠᠯ ᠨᠢ ᠲᠡᠭᠦᠨ ᠤ ᠢᠳᠡᠪᠬᠢ ᠾᠯᠣᠷ ᠢ ᠳᠠᠭᠠᠭᠠᠬᠤ ᠦᠭᠡᠢ ᠪᠣᠯᠭᠠᠵᠤ᠂ ᠡᠷᠬᠡᠪᠰᠢ ᠠᠰᠲᠠᠭᠠᠨ | ᠰᠤᠳᠤᠯᠭᠠᠨ ᠬᠢᠬᠦ ᠬᠡᠷᠡᠭᠳᠠᠢ ᠪᠤᠯᠪᠠ︾᠃ ᠵᠠᠩ ᠰᠢᠤᠸᠠᠨ᠂ ᠪᠦᠯᠬᠦᠮ ᠤᠨ ᠬᠢᠨ ᠡᠴᠦᠰ ᠲᠡᠭᠡᠨ ᠬᠠᠷᠠᠯᠲᠠ ᠪᠠᠨ | ᠪᠦᠭᠡᠭᠡᠨᠡᠷᠠᠯ ᠡᠰᠲ᠋ᠧᠷ ᠤᠨ ᠮᠠᠲ᠋ᠧᠷᠢᠶᠠᠯ ᠳᠡᠭᠡᠷ᠎ᠡ ᠲᠣᠭᠲᠠᠭᠠᠵᠤ᠂ ᠠᠯᠢ ᠣᠯᠠᠨ ᠮᠡᠷᠭᠡᠵᠢᠯ ᠤᠨ ᠰᠢᠨ᠎ᠡ ᠡᠭᠦᠳᠦᠯᠲᠡ ᠶᠢ | ᠥᠷᠨᠢᠭᠦᠯᠦᠨ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠪᠦᠭᠡᠭᠡᠨᠡᠷᠠᠯ ᠡᠰᠲ᠋ᠧᠷ ᠤᠨ ᠨᠡᠪᠴᠢᠯᠲᠡ ᠶᠢ ᠰᠡᠷᠭᠡᠶᠢᠯᠡᠬᠦ | ᠪᠦᠷᠬᠦᠬᠦᠯ ᠢ ᠦᠢᠯᠡᠳᠴᠠᠢ ᠭᠡᠪᠡ᠃ | ᠲᠤᠷᠰᠢᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ | ᠪᠦᠷᠬᠦᠬᠦᠯ ᠤᠨ ᠾᠯᠣᠷ ᠲᠤ ᠳᠠᠭᠠᠭᠠᠮᠠᠭᠠᠶ ᠴᠢᠨᠠᠷ ᠵᠡᠷᠭᠡ ᠨᠢ ᠭᠤᠤᠯ ᠬᠡᠷᠡᠭᠯᠡᠭᠳᠡᠵᠤ ᠪᠠᠶᠢᠭ᠎ᠠ ᠪᠥᠭᠡᠭᠡᠨᠡᠷᠡᠯ ᠠᠮᠢᠳ᠋ ᠤᠨ | ᠪᠦᠷᠬᠦᠬᠦᠯ ᠠᠴᠠ ᠢᠯᠡᠳᠲᠡ ᠳᠠᠪᠠᠭᠤᠯᠢᠭ ᠪᠠᠶᠢᠳᠠᠭ᠃ ᠰᠢᠨ᠎ᠡ ᠬᠡᠯᠪᠡᠷᠢ ᠶᠢᠨ ᠪᠥᠭᠡᠭᠡᠨᠡᠷᠡᠯ ᠡᠰᠲ᠋ᠧᠷ ᠤᠨ | ᠪᠦᠷᠬᠦᠬᠦᠯ ᠨᠢ ᠪᠥᠭᠡᠭᠡᠨᠡᠷᠡᠯ ᠠᠮᠢᠳ᠋ ᠤᠨ ᠪᠦᠷᠬᠦᠬᠦᠯ ᠤᠨ ᠦᠢᠯᠡᠳᠪᠦᠷᠢᠯᠡᠯ ᠤᠨ ᠮᠡᠷᠭᠡᠵᠢᠯ ᠢ ᠦᠷᠭᠦᠯᠵᠢᠯᠡᠨ | ᠬᠡᠷᠡᠭᠯᠡᠭᠰᠡᠨ ᠠᠴᠠ ᠬᠡᠪᠴᠢᠶᠡᠵᠢᠭᠦᠯᠦᠨ ᠦᠢᠯᠡᠳᠪᠦᠷᠢᠯᠡᠬᠦ ᠪᠣᠯᠤᠮᠵᠢᠲᠤ ᠴᠢᠨᠠᠷ ᠲᠠᠢ ᠪᠣᠯᠵᠣ᠂ ᠬᠤᠯᠪᠣᠭᠳᠠᠯ ᠪᠥᠬᠦᠶ | ᠮᠡᠷᠭᠡᠵᠢᠯ ᠨᠢ ᠣᠳᠣᠬᠠᠨ ᠳᠤ ᠨᠢᠭᠡᠨᠲᠡ 2 ᠵᠦᠢᠯ ᠤᠨ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠤᠨ ᠡᠷᠬᠡ | ᠤᠯᠤᠭᠰᠠᠨ ᠪᠠᠶᠢᠨ᠎ᠠ᠃ | ︽ᠰᠢᠨᠵᠢᠯᠡᠬᠦ ᠤᠬᠠᠭᠠᠨ︾ ᠬᠤᠭᠤᠴᠠᠭᠠᠲᠤ ᠰᠡᠳᠬᠦᠯ ᠤᠨ ᠡᠬᠡ ᠪᠢᠴᠢᠭ ᠬᠢᠨᠠᠭᠴᠢ᠂ ᠡᠨᠡ ᠨᠢ ᠪᠥᠭᠡᠭᠡᠨᠡᠷᠡᠯ | ᠠᠮᠢᠳ᠋ ᠤᠨ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠲᠠᠢ ᠠᠳᠠᠯᠢᠳᠬᠠᠵᠤ ᠳᠡᠶᠢᠯᠬᠦ ᠪᠤᠶᠤ ᠲᠡᠭᠦᠨ ᠠᠴᠠ ᠳᠠᠪᠠᠵᠤ | ᠮᠡᠳᠡᠬᠦ ᠪᠥᠭᠡᠭᠡᠨᠡᠷᠡᠯ ᠡᠰᠲ᠋ᠧᠷ ᠤᠨ ᠪᠦᠷᠬᠦᠭᠦᠯ ᠪᠤᠯᠤᠨ᠎ᠠ᠂ ᠨᠡᠪᠴᠢᠯᠲᠡ ᠶᠢ ᠰᠡᠷᠭᠡᠶᠢᠯᠡᠬᠦ ᠪᠦᠷᠬᠦᠬᠦᠯ ᠤᠨ | ᠰᠤᠳᠤᠯᠭᠠᠨ ᠤ ᠬᠦᠷᠢᠶᠡᠨ ᠳᠠᠬᠢ ᠬᠦᠰᠢᠶ᠎ᠠ ᠲᠡᠮᠳᠡᠭ ᠤᠨ ᠴᠢᠨᠠᠷᠲᠠᠶ ᠠᠬᠢᠴᠠ ᠮᠥᠨ ᠭᠡᠵᠤ ᠦᠨᠡᠯᠡᠪᠡ᠃ | ︵ᠰᠢᠨᠬᠤᠸᠠ ᠬᠤᠷᠢᠶ᠎ᠠ ᠶᠢᠨ ᠨᠠᠨᠵᠢᠩ ᠤᠨ 4 ᠰᠠᠷ᠎ᠠ ᠶᠢᠨ 20 ᠤ ᠴᠠᠬᠢᠯᠭᠠᠨ ᠮᠡᠳᠡᠭᠡ︶ |