ᠢᠷᠦᠭᠡᠯᠴᠢ ᠰᠧ᠊ · ᠳᠡᠯᠭᠡᠷ ᠤᠨ ᠵᠢᠳᠬᠦᠯ ᠴᠢᠷᠮᠠᠶᠢᠯᠭ᠎ᠠ
ᠨᠡᠶᠢᠲᠡᠯᠡᠭᠰᠡᠨ ᠴᠠᠭ᠄
2024/4/23
  ᠢᠷᠦᠭᠡᠯ ᠮᠠᠭᠲᠠᠭᠠᠯ ᠪᠣᠯ ᠤᠷᠤᠰᠤᠮ᠎ᠠ ᠰᠠᠶᠢᠬᠠᠨ ᠠᠮᠠᠨ ᠮᠠᠭᠲᠠᠭᠠᠯ ᠢᠶᠠᠷ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠡᠬᠡ ᠪᠠᠶᠢᠭᠠᠯᠢ ᠪᠠᠨ ᠪᠢᠰᠢᠷᠡᠨ᠂ ᠠᠮᠢ ᠨᠠᠰᠤ ᠡᠬᠡ ᠢᠢᠨ ᠬᠠᠶᠢᠷ᠎ᠠ ᠶᠢ ᠮᠠᠭᠲᠠᠨ ᠳᠠᠭᠤᠯᠠᠳᠠᠭ ᠰᠢᠯᠦᠭ ᠤᠨ ᠭᠡᠯᠪᠡᠷᠢ ᠢᠢᠨ ᠨᠢᠭᠡ ᠶᠤᠮ᠃ ᠣᠯᠠᠨ ᠵᠢᠯ ᠤᠨ ᠲᠤᠷᠰᠢ᠂ ᠢᠷᠦᠭᠡᠯ ᠮᠠᠭᠲᠠᠭᠠᠯ ᠨᠢ ᠮᠣᠩᠭᠤᠯ ᠦᠨᠳᠦᠰᠦᠲᠡᠨ ᠤ ᠴᠢᠬᠤᠯᠠ ᠶᠡᠭᠡ ᠶᠣᠰᠣᠯᠠᠯ ᠤᠨ ᠲᠤᠳᠠᠬᠳᠠᠵᠤ ᠪᠤᠯᠤᠰᠢ ᠦᠭᠡᠢ ᠴᠢᠬᠤᠯᠠ ᠠᠭᠤᠯᠭ᠎ᠠ ᠪᠤᠯᠤᠭᠰᠠᠭᠠᠷ ᠢᠷᠡᠵᠦ ᠪᠢᠯᠡ᠃ 2018 ᠣᠨ ᠳᠤ ᠲᠠᠪᠤᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠪᠦᠷᠢᠳᠭᠡᠭᠦᠯᠦᠭᠰᠡᠨ ᠪᠠᠶᠢᠨ᠎ᠠ᠃   ᠰᠧ᠊ · ᠳᠡᠯᠭᠡᠷ ᠪᠤᠯ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠢᠷᠦᠭᠡᠯ ᠮᠠᠭᠲᠠᠭᠠᠯ ᠤᠨ ᠤᠯᠠᠮᠵᠢᠯᠠᠭᠴᠢ ᠶᠢᠨ ᠨᠢᠭᠡᠨ ᠪᠢᠯᠡ᠃ ᠲᠡᠷᠡ ᠬᠡᠳᠦ᠋ᠪᠡᠷ ᠳᠠᠯᠠ ᠶᠢᠨ ᠳᠠᠪᠠᠭ᠎ᠠ ᠶᠢ ᠳᠠᠪᠠᠵᠦ ᠨᠠᠰᠤ ᠠᠬᠠᠰᠢᠷᠠᠭᠰᠠᠨ ᠪᠤᠯᠪᠠᠴᠤ ᠦᠷᠭᠦᠯᠵᠢ ᠢᠷᠦᠭᠡᠯ ᠮᠠᠭᠲᠠᠭᠠᠯ ᠤᠨ ᠡᠯ᠎ᠡ ᠲᠦᠷᠦᠯ ᠤᠨ ᠠᠵᠢᠯᠯᠠᠭ᠎ᠠ ᠳᠤ ᠢᠳᠡᠪᠬᠢᠯᠡᠨ ᠣᠷᠣᠯᠴᠠᠵᠤ᠂ ᠵᠠᠯᠠᠭᠤᠴᠤᠳ ᠢᠶᠠᠨ ᠵᠢᠯᠣᠭᠤᠳᠤᠨ᠂ ᠢᠷᠦᠭᠡᠯ ᠮᠠᠭᠲᠠᠭᠠᠯ ᠢ ᠨᠡᠩ ᠤᠯᠠᠨ ᠬᠥᠮᠥᠨ ᠳᠤ ᠤᠯᠠᠮᠵᠢᠯᠠᠨ ᠵᠠᠯᠭᠠᠮᠵᠢᠯᠠᠬᠤ ᠶᠢ ᠵᠣᠷᠢᠵᠤ ᠶᠠᠪᠤᠨ᠎ᠠ᠃   ᠰᠧ᠊ · ᠳᠡᠯᠭᠡᠷ 1949 ᠣᠨ ᠳᠤ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠪᠠᠶᠠᠨᠣ᠋ᠪᠣᠭ᠎ᠠ ᠭᠠᠴᠠᠭᠠᠨ ᠳᠤ ᠲᠦᠷᠦᠵᠤ᠂ ᠬᠠᠷᠠᠬᠠᠨ ᠪᠠᠭ᠎ᠠ ᠠᠴᠠ ᠪᠠᠨ ᠢᠷᠦᠭᠡᠯ ᠮᠠᠭᠲᠠᠭᠠᠯ ᠳᠤ ᠤᠨᠴᠠ ᠶᠢᠨ ᠳᠤᠷ᠎ᠠ ᠰᠣᠨᠢᠷᠬᠠᠯ ᠲᠠᠢ ᠠᠴᠠ 15 ᠨᠠᠰᠤᠲᠠᠢ ᠳᠠᠭᠠᠨ ᠪᠠᠭᠰᠢ ᠪᠠᠷᠢᠵᠤ ᠢᠷᠦᠭᠡᠯ ᠢ ᠰᠤᠷᠴᠤ ᠡᠬᠢᠯᠡᠵᠡᠢ᠃ ᠲᠤᠬᠠᠢ ᠶᠢᠨ ᠦᠶ᠎ᠡ ᠳᠤ ᠲᠡᠷᠡ ᠠᠬᠠᠮᠠᠳ ᠦᠶ᠎ᠡ ᠢᠢᠨ ᠬᠢᠨ ᠠᠴᠠ ᠪᠠᠨ ᠰᠤᠷᠤᠯᠴᠠᠬᠤ ᠶᠢᠨ ᠵᠡᠷᠭᠡ ᠪᠠᠷ ᠢᠷᠦᠭᠡᠯ ᠤᠡᠭᠰᠢᠬᠤ ᠳᠠᠭᠠᠨ ᠠᠮᠢᠳᠤᠷᠠᠯ ᠤᠨ ᠦᠢᠯᠡᠳᠦᠯᠭᠡ ᠪᠠ ᠬᠠᠮᠢᠶ᠎ᠠ ᠪᠦᠬᠦᠢ ᠲᠡᠮᠳᠡᠭᠯᠡᠯ ᠲᠠᠢ ᠤᠶᠠᠯᠳᠤᠭᠤᠯᠬᠤ ᠶᠢ ᠪᠠᠷᠢᠮᠳᠠᠯᠠᠬᠰᠠᠭᠠᠷ ᠢᠷᠡᠵᠡᠢ᠃   ᠰᠧ᠊ · ᠳᠡᠯᠭᠡᠷ ᠭᠤᠸᠠᠢ ᠢᠷᠦᠭᠡᠯ ᠤᠨ ᠵᠤᠬᠢᠶᠠᠨ ᠪᠦᠳᠦᠭᠡᠯᠭᠡ᠂ ᠢᠷᠦᠭᠡᠭᠦ᠂ ᠢᠷᠦᠭᠡᠯᠴᠢ ᠶᠢ ᠬᠦᠮᠦᠵᠢᠭᠦᠯᠭᠦ ᠠᠵᠢᠯ ᠳᠤ ᠴᠢᠷᠮᠠᠶᠢᠨ ᠵᠢᠳᠭᠦᠭᠰᠡᠭᠡᠷ ᠢᠷᠡᠵᠤ ᠪᠢᠯᠡ᠃ ᠰᠧ᠊ · ᠳᠡᠯᠭᠡᠷ ᠨᠠᠰᠤᠳᠠᠨ ᠢᠷᠦᠭᠡᠯ ᠮᠠᠭᠲᠠᠭᠠᠯ ᠤᠨ ᠤᠷᠤᠯᠳᠤᠭᠠᠨ ᠳᠤ ᠬᠠᠨᠳᠢᠪ ᠡᠷᠭᠦᠬᠦ᠂ ᠭᠠᠷᠠᠭ ᠤᠨ ᠰᠡᠭᠦᠯᠴᠢ ᠪᠠᠷ ᠬᠡᠦᠬᠡᠳ ᠤᠳ ᠲᠤ ᠬᠢᠴᠢᠶᠡᠯ ᠣᠷᠣᠬᠤ ᠭᠡᠭᠦ ᠮᠡᠳᠤ ᠶᠢᠨ ᠠᠷᠭ᠎ᠠ ᠭᠡᠯᠪᠡᠷᠢ ᠪᠠᠷ ᠢᠷᠦᠭᠡᠯᠴᠢ ᠶᠢ ᠬᠥᠮᠥᠵᠢᠭᠦᠯᠭᠦ᠂ ᠢᠷᠦᠭᠡᠯ ᠮᠠᠭᠲᠠᠭᠠᠯ ᠢ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠬᠤ ᠳᠤ ᠵᠢᠳᠭᠦᠨ ᠵᠢᠳᠭᠦᠭᠰᠡᠭᠡᠷ᠃ ᠲᠡᠷᠡ ᠪᠠᠰᠠ ᠡᠯ᠎ᠡ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠵᠦ ᠥᠩᠭᠡᠷᠡᠭᠰᠡᠨ ᠥᠪᠡᠷ ᠦᠨ ᠪᠦᠲᠦᠭᠡᠯ ᠤᠳ ᠢᠶᠠᠨ ᠡᠮᠬᠢᠳᠬᠡᠨ ︽ᠤᠶᠠᠩᠭ᠎ᠠ ᠢᠷᠠᠭᠤ ᠰᠡᠳᠬᠢᠯ ᠤᠨ ᠬᠤᠷᠤᠢ︾ ᠭᠡᠬᠦ ᠨᠣᠮ ᠪᠣᠯᠭᠠᠨ ᠬᠡᠪᠯᠡᠬᠦᠯᠵᠦ᠂ ᠬᠤᠶᠢᠴᠢ ᠦᠶ᠎ᠡ ᠶᠢᠨ ᠢᠷᠦᠭᠡᠯᠴᠢ ᠶᠢᠨ ᠰᠤᠷᠤᠯᠴᠠᠯᠭ᠎ᠠ ᠳᠤ ᠲᠦᠭᠦᠮ ᠦᠵᠡᠭᠦᠯᠦᠭᠰᠡᠨ ᠪᠠᠶᠢᠨ᠎ᠠ᠃   ᠰᠧ᠊ · ᠳᠡᠯᠭᠡᠷ ᠤᠨ ᠤᠯᠠᠮᠵᠢᠯᠠᠯᠲᠤ ᠰᠣᠶᠣᠯ ᠳᠠᠬᠢ ᠬᠠᠶᠢᠷ᠎ᠠ ᠰᠡᠳᠬᠢᠯᠭᠡ ᠨᠢ ᠦᠪ ᠰᠣᠶᠣᠯ ᠤᠨ ᠬᠠᠮᠠᠭᠠᠯᠠᠯ ᠪᠠ ᠤᠯᠠᠮᠵᠢᠯᠠᠯ ᠳᠤ ᠲᠤᠩ ᠴᠢᠬᠤᠯᠠ ᠢᠳᠡᠪᠬᠢ ᠬᠦᠴᠦᠨ ᠦᠵᠡᠭᠦᠯᠵᠤ ᠪᠤᠢ᠃ ᠲᠡᠭᠦᠨ ᠤ ᠳᠠᠭᠠᠭᠤᠯᠭ᠎ᠠ ᠪᠠᠷ᠂ ᠡᠨᠡᠬᠦ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠨᠢ ᠪᠦᠭᠦ ᠨᠡᠶᠢᠭᠡᠮ ᠤᠨ ᠰᠣᠶᠣᠯ ᠤᠨ ᠬᠦᠭᠵᠢᠯᠳᠠ ᠳᠤ ᠠᠮᠢᠵᠢᠷᠠᠯ ᠤᠨ ᠬᠦᠴᠦᠨ ᠨᠡᠮᠡᠷᠢᠯᠡᠬᠦ ᠨᠢ ᠯᠠᠪᠲᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号