ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ ᠪᠣᠯ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ | ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ | ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ ᠬᠠᠰᠢᠶᠠᠯᠠᠨ ᠲᠡᠵᠢᠭᠡᠬᠦ | ᠨᠢᠭᠡ ᠵᠦᠢᠯ ᠤᠨ ᠲᠡᠵᠢᠭᠡᠪᠦᠷᠢ ᠶᠢᠨ ᠠᠷᠭ᠎ᠠ ᠭᠡᠯᠪᠡᠷᠢ ᠪᠣᠯᠣᠨ᠎ᠠ᠃ ︽ᠡᠨᠡ ᠬᠦ ᠵᠠᠭᠪᠤᠷ ᠨᠢ ᠪᠡᠯᠴᠢᠭᠡᠷ ᠪᠠᠭᠠᠲᠠᠢ | ᠮᠠᠯᠵᠢᠬᠤ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠳᠤ ᠲᠣᠬᠢᠷᠠᠵᠤ᠂ ᠪᠠᠶᠢᠭᠠᠯᠢ ᠶᠢᠨ | ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠳᠠᠷᠢᠬᠤ ᠪᠠᠷ ᠳᠠᠮᠵᠢᠨ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠵᠦ᠂ | ᠤᠯᠠᠷᠢᠯ ᠤᠨ ᠴᠢᠨᠠᠷᠲᠠᠢ ᠪᠠᠷ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠶᠢ ᠪᠡᠶᠡᠯᠡᠭᠦᠯᠵᠦ ᠪᠣᠯᠣᠨ᠎ᠠ︾ | ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ | ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠦ᠋ ᠵᠧ ᠲᠠᠨᠢᠯᠴᠠᠭᠤᠯᠪᠠ᠃ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ ᠭᠠᠴᠠᠭ᠎ᠠ | ᠨᠡᠶᠢᠳᠡ 24 ᠲᠦᠮᠡᠨ ᠮᠦ ᠪᠡᠯᠴᠢᠭᠡᠷ ᠲᠠᠢ ᠪᠠᠶᠢᠵᠤ᠂ ᠬᠥᠮᠥᠨ ᠳᠤᠮᠳᠠᠴᠢ ᠳᠤ 420 ᠮᠦ ᠯᠡ ᠨᠣᠭᠳᠠᠵᠤ ᠪᠤᠢ᠂ | ᠬᠡᠷᠪᠡ ᠲᠤᠬᠠᠢ ᠶᠢᠨ ᠭᠠᠵᠠᠷ ᠤᠨ ᠬᠢᠨᠠᠨ ᠲᠣᠭᠲᠠᠭᠠᠭᠰᠠᠨ ︽ᠮᠦ ᠪᠦᠷᠢ ᠳᠤ 11.27 ᠬᠤᠨᠢᠨ ᠨᠢᠭᠡᠴᠢ︾ ᠪᠠᠷ | ᠮᠠᠯ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠶᠤᠮ ᠪᠣᠯ ᠮᠠᠯᠴᠢᠨ ᠲᠠᠷᠢᠶᠠᠴᠢᠳ ᠠᠵᠤ ᠲᠦᠷᠦᠵᠤ ᠠᠮᠢᠳᠤᠷᠠᠯ ᠢᠶᠠᠨ | ᠠᠷᠭᠠᠴᠠᠭᠠᠬᠤ ᠳᠤ ᠪᠡᠷᠬᠡᠲᠡᠢ ᠶᠤᠮ᠃ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠠᠯ ᠮᠠᠯᠵᠢᠭᠰᠠᠭᠠᠷ ᠢᠷᠡᠭᠰᠡᠨ | ᠤᠯᠠᠮᠵᠢᠯᠠᠯᠲᠤ ᠪᠠᠶᠢᠳᠠᠯ ᠢ ᠬᠤᠪᠢᠷᠠᠭᠤᠯᠬᠤ ᠶᠢᠨ ᠲᠥᠯᠥᠭ᠂ ᠲᠤᠰ ᠭᠠᠴᠠᠭᠠᠨ ᠤ 4 ᠮᠠᠯᠵᠢᠬᠤ ᠲᠠᠷᠢᠶᠠᠯᠠᠬᠤ ᠡᠷᠦᠭᠡ | ᠬᠠᠮᠲᠤ ᠪᠠᠷ 712 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠨ ᠰᠢᠯᠤᠭᠤᠨ ᠬᠥᠬᠡ ᠬᠤᠰᠢᠭᠤᠨ ᠤ ᠰᠠᠶᠢᠨ | ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠮᠠᠯ ᠤᠨᠤᠭ᠎ᠠ ᠪᠠᠨ ᠬᠠᠰᠢᠶᠠᠯᠠᠨ ᠲᠡᠵᠢᠭᠡᠵᠦ | ᠬᠠᠭᠠᠰ ᠬᠠᠰᠢᠶᠠᠯᠠᠨ ᠲᠡᠵᠢᠭᠡᠵᠦ ᠡᠬᠢᠯᠡᠪᠡ᠃ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠨᠢ ᠡᠩ | ᠲᠡᠷᠢᠭᠦᠨ ᠳᠤ 4 ᠭᠡᠰᠢᠭᠦᠨ ᠡᠷᠦᠭᠡ ᠶᠢᠨ 5 ᠲᠦᠮᠡ ᠭᠠᠷᠤᠢ ᠮᠦ ᠪᠠᠶᠢᠭᠠᠯᠢ ᠶᠢᠨ ᠪᠡᠯᠴᠢᠭᠡᠷ ᠢ ᠨᠡᠶᠢᠳᠬᠡᠨ ᠡᠪᠡᠰᠦ | ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠵᠤ᠂ ᠪᠠᠰᠠ 8500 ᠮᠦ ᠥᠨᠳᠥᠷ | ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠢ ᠠᠰᠢᠭᠯᠠᠨ ᠵᠢᠯ ᠪᠦᠷᠢ ᠬᠥᠬᠡ ᠳᠠᠷᠤᠰᠢ ᠶᠢᠨ ᠡᠷᠳᠡᠨᠢ | ᠰᠢᠰᠢ᠂ ᠬᠢᠶᠠᠭ ᠡᠪᠡᠰᠦ᠂ ᠶᠤᠤᠮᠠᠢ ᠵᠡᠷᠭᠡ ᠥᠨᠳᠥᠷ ᠤᠨᠠᠯᠲᠠ ᠲᠠᠢ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ | ᠲᠠᠷᠢᠵᠤ᠂ ᠵᠢᠯ ᠤᠨ ᠲᠡᠵᠢᠭᠡᠯ ᠡᠪᠡᠰᠦᠨ ᠤ ᠨᠥᠭᠡᠴᠡ ᠶᠢ 1.3 ᠲᠦᠮᠡᠨ ᠲᠤᠨ ᠳᠤ ᠬᠦᠷᠭᠡᠨ᠂ ᠡᠪᠡᠰᠦ ᠪᠡᠯᠴᠢᠭᠡᠷ | ᠨᠣᠭᠤᠭᠠᠷᠠᠬᠤ ᠪᠠ ᠬᠤᠪᠬᠠᠶᠢᠷᠠᠬᠤ ᠬᠤᠭᠤᠴᠠᠭᠠᠨ ᠳᠤ ᠮᠠᠯ ᠤᠨᠤᠭ᠎ᠠ ᠪᠠᠨ ᠬᠠᠰᠢᠶᠠᠯᠠᠨ ᠲᠡᠵᠢᠭᠡᠬᠦ ᠬᠡᠷᠡᠭᠴᠡᠭᠡ ᠶᠢ | ᠪᠠᠲᠤᠯᠠᠪᠠ᠃ ᠲᠠᠷᠠᠭ᠎ᠠ ᠨᠢ ᠬᠥᠮᠥᠨ ᠤ ᠬᠦᠴᠦᠨ ᠤ ᠥᠪᠡᠷ ᠤᠨ ᠥᠷᠲᠡᠭ ᠢ ᠠᠷᠪᠢᠯᠠᠨ᠂ ᠮᠠᠯ ᠰᠦᠷᠦᠭ ᠤᠨ | ᠪᠡᠯᠴᠢᠭᠡᠷ ᠲᠤ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ︽ᠪᠤᠭ ᠮᠠᠯ ᠢ ᠴᠥᠭᠡᠳᠬᠡᠨ ᠦᠬᠡᠷ ᠤᠨ | ᠲᠤᠭ᠎ᠠ ᠶᠢ ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠲᠤᠰᠬᠠᠶᠢᠵᠢᠭᠰᠠᠨ ᠮᠢᠬᠠᠨ ᠤ ᠦᠬᠡᠷ ᠤᠨ ᠡᠭᠦᠯᠳᠡᠷ ᠢ | ᠬᠥᠭᠵᠢᠭᠦᠯᠦᠨ 3 ᠲᠡᠵᠢᠭᠡᠪᠦᠷᠢ ᠶᠢᠨ ᠲᠠᠯᠠᠪᠠᠢ ᠪᠠᠶᠢᠭᠤᠯᠵᠤ᠂ 1700 ᠭᠠᠷᠤᠢ ᠦᠬᠡᠷ ᠲᠡᠵᠢᠭᠡᠨ᠂ ᠵᠢᠯ ᠪᠦᠷᠢ | 800 ᠭᠠᠷᠤᠢ ᠦᠬᠡᠷ ᠢ ᠪᠣᠷᠳᠣᠵᠤ ᠲᠠᠷᠭᠤᠯᠠᠭᠤᠯᠤᠭᠰᠠᠨ ᠬᠤᠶᠢᠨ᠎ᠠ ᠬᠤᠳᠠᠯᠳᠤᠵᠤ ᠪᠤᠢ᠃ ᠲᠤᠰ ᠬᠤᠷᠰᠢᠶ᠎ᠠ ᠨᠢ | ᠪᠠᠰᠠ ᠡᠷᠲᠡ ᠲᠡᠵᠢᠭᠡᠯ ᠨᠥᠬᠦᠪᠦᠷᠢᠯᠡᠬᠦ᠂ ᠡᠷᠲᠡ ᠬᠤᠳᠠᠯᠳᠤᠬᠤ᠂ ᠡᠷᠲᠡ ᠭᠠᠷ ᠬᠡᠭᠡᠯᠲᠦᠭᠦᠯᠭᠡ ᠬᠢᠬᠦ᠂ ᠡᠷᠲᠡ | ᠲᠤᠭᠤᠯ ᠲᠤᠰᠬᠤ ︽ᠳᠥᠷᠪᠡᠨ ᠡᠷᠲᠡ︾ ᠶᠢᠨ ᠵᠠᠭᠪᠤᠷ ᠢ ᠬᠡᠷᠡᠭᠵᠢᠭᠦᠯᠵᠦ᠂ ᠬᠡᠪᠴᠢᠶᠡᠵᠢᠭᠦᠯᠦᠨ ᠲᠡᠵᠢᠭᠡᠬᠦ ᠶᠢ | ᠪᠡᠶᠡᠯᠡᠭᠦᠯᠦᠨ᠂ ᠪᠣᠷᠳᠣᠵᠤ ᠲᠠᠷᠭᠤᠯᠠᠭᠤᠯᠬᠤ ᠦᠭᠡᠢ ᠪᠣᠯ ᠪᠣᠷᠣᠯᠠᠭᠤᠯᠬᠤ ᠦᠭᠡᠢ ᠪᠠᠶᠢᠵᠤ᠂ ᠮᠢᠬᠠᠨ ᠤ ᠦᠬᠡᠷ ᠨᠢ | 1300 ᠵᠢᠩ ᠳᠤ ᠭᠦᠷᠦᠭᠰᠡᠨ ᠬᠤᠶᠢᠨ᠎ᠠ ᠰᠠᠶ᠋ᠢ ᠨᠢᠲᠤᠯᠤᠨ ᠬᠤᠳᠠᠯᠳᠤᠬᠤ ᠠᠵᠤ ᠠᠬᠤᠶᠢᠯᠠᠯ ᠳᠤ ᠬᠤᠳᠠᠯᠳᠤᠨ | ᠥᠭᠴᠦ ᠪᠠᠶᠢᠨ᠎ᠠ᠃ ᠤᠷᠵᠢᠨᠤᠨ ᠳᠤᠰ ᠬᠤᠷᠰᠢᠶ᠎ᠠ ᠶᠢᠨ ᠠᠰᠢᠭ ᠣᠯᠵᠠᠪᠤᠷᠢ 200 ᠲᠦᠮᠡᠨ ᠲᠥᠭᠦᠷᠢᠭ ᠲᠤ | ᠬᠦᠷᠴᠦ᠂ ᠬᠥᠮᠥᠨ ᠳᠤᠮᠳᠠᠴᠢ ᠶᠢᠨ ᠣᠷᠣᠯᠭ᠎ᠠ ᠨᠢ 9.5 ᠲᠦᠮᠡᠨ ᠲᠥᠭᠦᠷᠢᠭ ᠲᠤ ᠬᠦᠷᠴᠡᠢ᠃ |