ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/4/23
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ 4 ᠰᠠᠷ᠎ᠠ ᠶᠢᠨ 22 ᠤᠨ ᠡᠳᠦᠷ ᠤᠨ ᠣᠢᠲᠠ ᠶᠢᠨ ᠬᠤᠶᠢᠨ᠎ᠠ᠂ ᠳᠦᠷᠤ ᠶᠢᠨ ᠶᠠᠪᠤᠳᠠᠯ ᠤᠨ ᠬᠤᠷᠢᠶ᠎ᠠ ︽ᠬᠦᠢᠷᠣᠩᠭᠡ ᠶᠢᠨ ᠵᠠᠬ᠎ᠠ ᠳᠡᠯᠭᠡᠭᠦᠷ ᠤᠨ ᠣᠢᠭᠡᠷᠠᠴᠢᠯᠠᠯᠲᠠ ᠶᠢ ᠤᠯᠠᠮ ᠨᠢᠭᠡ ᠠᠯᠬᠤᠮ ᠬᠦᠢᠠᠵᠠᠭᠡᠶᠢᠷᠠᠭᠦᠯᠣᠠ᠂ ᠬᠦᠢᠷᠣᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠦᠢᠭᠵᠢᠭᠦᠯᠭᠦ︾ ᠭᠡᠬᠦ ᠰᠡᠳᠦᠪ ᠢᠶᠠᠷ ᠭᠤᠣᠯ ᠰᠡᠳᠦᠪ ᠪᠣᠯᠭᠠᠨ ᠳᠣᠯᠣᠳᠤᠭᠠᠷ ᠤᠳᠠᠭᠠᠨ ᠤ ᠲᠤᠰᠬᠠᠢ ᠰᠡᠳᠦᠪᠲᠦ ᠰᠣᠷᠣᠯᠴᠠᠯᠭ᠎ᠠ ᠡᠷᠬᠢᠯᠡᠵᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠠᠮᠤᠷ ᠲᠦᠪᠰᠢᠨ᠂ ᠵᠢᠷᠤᠮᠵᠢᠯ ᠲᠠᠢ᠂ ᠢᠯᠡ ᠲᠣᠳᠣ᠂ ᠨᠡᠭᠡᠭᠡᠯᠲᠡ ᠲᠠᠢ᠂ ᠠᠮᠢᠵᠢᠷᠠᠯ ᠤᠨ ᠬᠦᠴᠦᠨ ᠲᠠᠢ᠂ ᠤᠶᠠᠨ ᠬᠠᠳᠠᠨ ᠴᠢᠨᠠᠷᠲᠠᠢ ᠬᠥᠷᠥᠩᠭᠡ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃
626.jpg
    ᠪᠡᠭᠡᠵᠢᠩ ᠶᠡᠭᠡ ᠰᠤᠷᠭᠠᠭᠤᠯᠢ ᠶᠢᠨ ᠭᠤᠸᠠᠩ ᠬᠤᠸᠠ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠯᠢᠦ ᠴᠢᠶᠣᠤ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠦᠸᠡᠢ ᠰᠢᠶᠠᠩ᠂ ᠯᠢᠦ ᠭᠦᠸᠧ ᠵᠦᠩ᠂ ᠲᠥᠷᠥ ᠶᠢᠨ ᠶᠠᠪᠤᠳᠠᠯ ᠤᠨ ᠭᠡᠰᠢᠭᠦᠨ ᠸᠠᠩ ᠰᠢᠶᠣᠤ ᠬᠤᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠾᠧ ᠯᠢ ᠹᠧᠩ ᠪᠢᠴᠢᠭ ᠢᠶᠠᠷ ᠶᠠᠷᠢᠶ᠎ᠠ ᠲᠠᠯᠪᠢᠪᠠ᠃    ᠯᠢ ᠴᠢᠶᠠᠩ ᠲᠠᠶᠢᠯᠤᠮᠵᠢ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠥᠷᠥᠩᠭᠡ ᠶᠢᠨ ᠵᠠᠬ᠎ᠠ ᠳᠡᠯᠭᠡᠭᠦᠷ ᠪᠣᠯ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠭᠡᠨ ᠬᠥᠭᠵᠢᠯᠲᠡ ᠨᠢ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠩᠭ᠎ᠠ ᠶᠡᠷᠦᠩᠬᠡᠶᠢᠯᠡᠭᠰᠡᠨ ᠴᠢᠨᠠᠷ᠂ ᠪᠦᠬᠦ ᠲᠠᠯ᠎ᠠ ᠶᠢᠨ ᠴᠢᠨᠠᠷᠲᠠᠢ ᠮᠥᠷᠲᠡᠭᠡᠨ ᠪᠠᠰᠠ ᠮᠠᠰᠢ ᠴᠢᠩᠭ᠎ᠠ ᠲᠤᠰᠬᠠᠢ ᠮᠡᠷᠭᠡᠵᠢᠯ ᠤᠨ ᠴᠢᠨᠠᠷ ᠲᠠᠢ ᠶᠤᠮ᠃ ᠰᠢᠰᠲ᠋ᠧᠮᠲᠦ ᠦᠵᠡᠯᠲᠡ ᠪᠠ ᠲᠤᠰᠬᠠᠢ ᠮᠡᠷᠭᠡᠵᠢᠯ ᠤᠨ ᠰᠡᠳᠬᠢᠬᠦᠢ ᠪᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠦᠨᠳᠦᠰᠦᠨ ᠵᠢᠮ᠎ᠡ ᠶᠣᠰᠣ ᠶᠢ ᠲᠠᠨᠢᠵᠤ᠂ ᠲᠡᠦᠬᠡ ᠪᠠ ᠬᠥᠭᠵᠢᠯᠲᠡ ᠶᠢᠨ ᠬᠠᠷᠠᠴᠠ ᠪᠠᠷ ᠮᠠᠨ ᠤ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠱᠠᠲᠤ ᠦᠶ᠎ᠡ ᠶᠢᠨ ᠴᠢᠨᠠᠷᠲᠠᠢ ᠣᠨᠴᠠᠯᠢᠭ ᠢ ᠡᠵᠡᠮᠳᠡᠵᠦ᠂ ᠳᠡᠯᠡᠬᠡᠢ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠯᠠᠬᠤ ᠳᠠᠭᠠᠨ ᠴᠢᠳᠠᠮᠠᠭᠠᠢ ᠪᠠᠶᠢᠬᠤ ᠪᠠᠷ ᠪᠠᠷᠠᠬᠤ ᠦᠭᠡᠢ ᠪᠠᠰᠠ ᠤᠯᠤᠰ ᠤᠨ ᠪᠠᠶᠢᠳᠠᠯ ᠳᠠᠭᠠᠨ ᠰᠠᠭᠤᠷᠢᠯᠠᠨ ᠴᠠᠭ ᠤᠨ ᠪᠠᠶᠢᠳᠠᠯ ᠳᠤ ᠲᠣᠬᠢᠷᠠᠭᠤᠯᠤᠨ ᠵᠣᠬᠢᠴᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠣᠶᠢᠯᠠᠭᠠᠭᠳᠠᠬᠤᠨ ᠢ ᠬᠡᠷᠡᠭᠯᠡᠨ ᠵᠢᠷᠤᠵᠤ ᠲᠥᠯᠥᠪᠯᠡᠬᠦ ᠳᠦᠷᠢᠮ ᠪᠠ ᠲᠥᠷᠥ ᠶᠢᠨ ᠪᠣᠳᠣᠯᠭ᠎ᠠ ᠲᠣᠭᠲᠠᠭᠠᠬᠤ ᠶᠢ ᠨᠡᠩ ᠴᠢᠬᠤᠯᠠᠴᠢᠯᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃    ᠯᠢ ᠴᠢᠶᠠᠩ ᠵᠢᠭᠠᠵᠤ ᠭᠠᠷᠭᠠᠭᠰᠠᠨ ᠨᠢ᠂ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠤᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠠᠷᠬᠠᠭᠠᠬᠤ᠂ ᠠᠷᠠᠯᠵᠢᠶᠠᠯᠠᠬᠤ᠂ ᠵᠠᠬ᠎ᠠ ᠳᠡᠯᠭᠡᠭᠦᠷ ᠠᠴᠠ ᠤᠬᠤᠷᠢᠵᠤ ᠭᠠᠷᠬᠤ ᠵᠡᠷᠭᠡ ᠵᠠᠩᠭᠢᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢᠨ ᠰᠠᠶᠢᠨ ᠣᠷᠴᠢᠯ ᠪᠣᠯᠤᠨ ᠵᠠᠬ᠎ᠠ ᠳᠡᠯᠭᠡᠭᠦᠷ ᠲᠤ ᠭᠠᠷᠴᠤ ᠵᠠᠬ᠎ᠠ ᠳᠡᠯᠭᠡᠭᠦᠷ ᠠᠴᠠ ᠤᠬᠤᠷᠢᠵᠤ ᠭᠠᠷᠬᠤ ᠬᠥᠳᠡᠯᠦᠩᠭᠦᠢ ᠲᠡᠩᠴᠡᠭᠦᠷᠢ ᠶᠢ ᠠᠬᠢᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠳᠤ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠨ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠣᠷᠣᠭᠤᠯᠤᠭᠴᠢ ᠳᠤ ᠬᠠᠷᠢᠭᠤ ᠥᠭᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠦᠨ᠎ᠡ ᠥᠷᠲᠡᠭ ᠢ ᠨᠢ ᠳᠡᠭᠡᠭᠰᠢᠯᠡᠭᠦᠯᠦᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠨᠡᠮᠡᠭᠳᠡᠭᠦᠯᠦᠨ᠎ᠡ᠃ ᠳᠤᠮᠳᠠ ᠪᠠᠭ᠎ᠠ ᠪᠡᠯᠡ ᠣᠷᠣᠭᠤᠯᠤᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠢᠯᠡ ᠲᠣᠳᠣ ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃    ᠯᠢ ᠴᠢᠶᠠᠩ ᠴᠢᠬᠤᠯᠠᠴᠢᠯᠠᠭᠰᠠᠨ ᠨᠢ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯ ᠠᠵᠤ ᠠᠬᠤᠢ ᠶᠢᠨ ᠬᠥᠭᠵᠢᠯᠲᠡ ᠪᠠ ᠵᠠᠰᠠᠯᠲᠠ ᠶᠢᠨ ᠴᠢᠳᠠᠪᠤᠷᠢ ᠶᠢᠨ ᠴᠢᠬᠤᠯᠠ ᠢᠯᠡᠷᠡᠯ ᠮᠥᠨ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠰᠤᠷᠤᠯᠴᠠᠯᠭ᠎ᠠ ᠪᠠᠨ ᠴᠢᠩᠭᠠᠳᠬᠠᠵᠤ᠂ ᠰᠢᠷᠭᠠᠭᠤ ᠪᠣᠳᠣᠯᠬᠢᠯᠠᠵᠤ᠂ ᠭᠦᠨᠵᠡᠭᠡᠢ ᠰᠤᠳᠤᠯᠵᠤ᠂ ᠠᠵᠢᠯ ᠤᠨ ᠴᠢᠳᠠᠪᠤᠷᠢ ᠪᠣᠯᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠠᠵᠤ ᠠᠬᠤᠢ ᠶᠢᠨ ᠬᠦᠴᠦᠨ ᠵᠦᠢᠯ ᠪᠣᠯᠤᠨ ᠠᠵᠤ ᠠᠬᠤᠢ ᠶᠢᠨ ᠪᠤᠰᠤ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠣᠯᠤᠨ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号