ᠲᠦᠯᠢᠶᠡᠮᠤᠳᠤ ᠪᠠᠯᠭᠠᠰᠤ ᠭᠠᠵᠠᠷ ᠰᠢᠷᠣᠢ ᠶᠢᠨ ᠳᠠᠩᠰᠠ ᠡᠪᠬᠡᠮᠡᠯ ᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/24
   ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠭᠰᠠᠨ ᠳᠠᠩᠰᠠ ᠡᠪᠬᠡᠮᠡᠯ ᠤᠨ ᠠᠵᠢᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠦᠨᠡᠨᠬᠦ ᠴᠢᠩᠭᠠᠳᠬᠠᠬᠤ ᠬᠡᠷᠡᠭᠲᠡᠢ᠃ ᠲᠦᠯᠢᠶᠡᠮᠤᠳᠤ ᠪᠠᠯᠭᠠᠰᠤᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠨᠢ ᠳᠠᠩᠰᠠ ᠡᠪᠬᠡᠮᠡᠯ ᠢ ᠳᠠᠩᠰᠠ ᠡᠪᠬᠡᠮᠡᠯ ᠳᠤ ᠣᠷᠣᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠵᠤ ᠴᠡᠭᠴᠡᠯᠡᠨ ᠰᠠᠶᠢᠵᠢᠷᠠᠭᠤᠯᠬᠤ ᠳᠠᠩᠰᠠ ᠡᠪᠬᠡᠮᠡᠯ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠥᠷᠨᠢᠭᠦᠯᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠪᠡ᠃    ᠳᠠᠩᠰᠠ ᠡᠪᠬᠡᠮᠡᠯ ᠢ ᠦᠨᠳᠦᠰᠦᠯᠡᠨ ᠠᠵᠢᠯ ᠤᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠪᠠᠯᠭᠠᠰᠤᠨ ᠤ ᠡᠵᠡᠩᠨᠡᠨ ᠬᠠᠮᠢᠶᠠᠷᠬᠤ ᠥᠷᠲᠡᠭᠡ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠢ ᠬᠠᠷᠭᠤᠭᠤᠯᠬᠤ᠂ ᠳᠠᠪᠲᠠᠨ ᠪᠠᠶᠢᠴᠠᠭᠠᠬᠤ᠂ ᠬᠢᠨᠠᠨ ᠬᠠᠷᠭᠤᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠬᠠᠷᠢᠭᠤᠴᠠᠵᠤ᠂ ᠠᠵᠢᠯ ᠤᠨ ᠬᠤᠪᠢᠶᠠᠷᠢᠯᠠᠯ ᠢ ᠲᠣᠳᠣᠷᠬᠠᠢ᠂ ᠴᠤᠪᠤᠷᠠᠯ ᠢ ᠨᠢᠭᠡᠳᠬᠡᠵᠦ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠬᠦᠴᠦ ᠪᠠᠨ ᠬᠠᠮᠲᠤᠳᠬᠠᠨ ᠬᠠᠮᠲᠤᠷᠠᠯᠴᠠᠨ᠎ᠠ᠃ ᠡᠭᠦᠨ ᠤ ᠬᠠᠮᠲᠤ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ᠂ ᠬᠠᠳᠠᠭᠠᠯᠠᠬᠤ ᠬᠤᠭᠤᠴᠠᠭ᠎ᠠ ᠬᠢᠵᠠᠭᠠᠷ᠂ ᠳᠠᠩᠰᠠ ᠡᠪᠬᠡᠮᠡᠯ ᠳᠤ ᠣᠷᠣᠭᠤᠯᠬᠤ ᠴᠠᠭ ᠵᠡᠷᠭᠡ ᠱᠠᠭᠠᠷᠳᠠᠯᠭ᠎ᠠ ᠶᠢ ᠦᠨᠳᠦᠰᠦᠯᠡᠨ ᠨᠠᠷᠢᠨ ᠳᠠᠩᠰᠠ ᠡᠪᠬᠡᠮᠡᠯ ᠳᠤ ᠣᠷᠣᠭᠤᠯᠵᠤ᠂ ᠮᠠᠲ᠋ᠧᠷᠢᠶᠠᠯ ᠨᠢ ᠪᠦᠷᠢᠨ ᠭᠦᠢᠴᠡᠳ᠂ ᠨᠢᠭᠡ ᠶᠢ ᠴᠦ ᠣᠷᠬᠢᠭᠳᠠᠭᠤᠯᠬᠤ ᠦᠭᠡᠢ᠂ ᠪᠠᠶᠢᠴᠠᠭᠠᠬᠤ ᠳᠤ ᠲᠦᠰᠢᠭ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠳᠠᠩᠰᠠ ᠡᠪᠬᠡᠮᠡᠯ ᠢ ᠡᠮᠬᠢᠯᠡᠬᠦ ᠶᠠᠪᠤᠴᠠ ᠳᠤ᠂ ᠲᠦᠯᠢᠶᠡᠮᠤᠳᠤ ᠪᠠᠯᠭᠠᠰᠤ ᠪᠠᠷᠢᠮᠵᠢᠶ᠎ᠠ ᠶᠢ ᠪᠠᠷᠢᠮᠲᠠᠯᠠᠵᠤ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠳᠠᠩᠰᠠ ᠡᠪᠬᠡᠮᠡᠯ ᠢ ᠡᠮᠬᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠡᠪᠬᠡᠮᠡᠯ ᠨᠢ ᠪᠦᠷᠢᠨ ᠪᠦᠲᠦᠨ᠂ ᠲᠥᠷᠥᠯ ᠵᠦᠢᠯ ᠨᠢ ᠲᠣᠳᠣᠷᠬᠠᠢ᠂ ᠬᠠᠮᠢᠶᠠᠷᠤᠯᠲᠠ ᠨᠢ ᠵᠢᠷᠤᠮᠵᠢᠯ ᠲᠠᠢ ᠪᠥᠭᠡᠳ ᠪᠠᠶᠢᠴᠠᠭᠠᠨ ᠯᠠᠪᠯᠠᠬᠤ ᠳᠤ ᠲᠦᠬᠦᠮ ᠪᠠᠶᠢᠵᠤ᠂ ᠪᠦᠬᠦ ᠪᠠᠯᠭᠠᠰᠤᠨ ᠤ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠳᠠᠩᠰᠠ ᠡᠪᠬᠡᠮᠡᠯ ᠨᠢ ᠪᠦᠷᠢᠨ ᠭᠦᠢᠴᠡᠳ᠂ ᠪᠦᠷᠢᠨ ᠪᠦᠲᠦᠨ ᠪᠠᠶᠢᠬᠤ ᠶᠢ ᠪᠡᠶᠡᠯᠡᠭᠦᠯᠵᠦ᠂ ᠮᠠᠨ ᠤ ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号