ᠪᠠᠶᠠᠨᠬᠤᠰᠢᠭᠤ ᠪᠠᠯᠭᠠᠰᠤᠨ ᠤ ᠭᠠᠯ ᠤᠨᠲᠠᠷᠠᠭᠠᠬᠤ 3 ᠰᠠᠯᠠᠭ᠎ᠠ ᠡᠷᠦᠬᠡ ᠶᠢᠨ ᠴᠡᠷᠢᠭ ᠤᠨ ᠪᠣᠯᠪᠠᠰᠤᠷᠠᠯ ᠪᠦᠬᠦ ᠪᠠᠯᠭᠠᠰᠤᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠣᠣᠷ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/4/24
    4 ᠰᠠᠷ᠎ᠠ ᠶᠢᠨ ᠳᠤᠮᠳᠠᠴᠢ ᠪᠠᠷ᠂ ᠪᠠᠶᠠᠨᠬᠤᠰᠢᠭᠤ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠷᠢᠶ᠎ᠠ ᠣᠷᠣᠨ ᠤ ᠪᠠᠨ ᠭᠠᠯ ᠰᠡᠷᠭᠡᠶᠢᠯᠡᠵᠦ ᠭᠠᠯ ᠤᠨᠲᠠᠷᠠᠭᠠᠬᠤ 3 ᠰᠠᠯᠠᠭ᠎ᠠ ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ᠂ ᠭᠤᠷᠪᠠᠨ ᠪᠦᠯᠦᠭ ᠤᠳᠠᠭ᠎ᠠ 25 ᠡᠳᠦᠷ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠪᠡ᠃    ᠡᠮᠦᠨ᠎ᠡ ᠭᠤᠷᠪᠠᠨ ᠡᠳᠦᠷ ᠭᠤᠣᠯᠳᠠᠭᠤ ᠣᠨᠣᠯ ᠲᠠᠶᠢᠯᠪᠤᠷᠢᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢᠨ ᠸᠢᠳᠢᠣ᠋ ᠶᠢ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠷᠦᠬᠡ ᠶᠢᠨ ᠴᠡᠷᠢᠭ ᠤᠨ ᠶᠡᠷᠦ ᠶᠢᠨ ᠮᠡᠳᠡᠯᠭᠡ᠂ ᠤᠯᠤᠰ ᠲᠥᠷᠥ ᠶᠢᠨ ᠬᠥᠮᠦᠵᠢᠯ᠂ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ᠂ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠮᠡᠷᠭᠡᠵᠢᠯ ᠪᠠ ᠠᠷᠭ᠎ᠠ᠂ ᠭᠠᠯ ᠤᠨᠲᠠᠷᠠᠭᠠᠭᠤᠷ ᠢ ᠠᠵᠢᠯᠯᠠᠭᠤᠯᠤᠨ ᠬᠡᠷᠡᠭᠯᠡᠬᠦ ᠵᠡᠷᠭᠡ ᠰᠢᠷᠢᠰ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠰᠤᠷᠤᠯᠴᠠᠭᠰᠠᠨ ᠪᠥᠭᠡᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠢᠨᠠᠯᠲᠠ ᠳᠣᠣᠷ᠎ᠠ ᠣᠨᠣᠯ ᠤᠨ ᠰᠢᠯᠭᠠᠯᠲᠠ ᠪᠠᠷ ᠳᠠᠮᠵᠢᠨ ᠪᠣᠯᠪᠠᠰᠤᠷᠠᠯ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃    ᠪᠣᠯᠪᠠᠰᠤᠷᠠᠯ ᠤᠨ ᠬᠤᠭᠤᠴᠠᠭᠠᠨ ᠳᠤ᠂ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠠᠵᠢᠯᠲᠠᠳ ᠡᠳᠦᠷ ᠪᠦᠷᠢ ᠰᠤᠷᠭᠠᠭᠤᠯᠢᠯᠠᠯ ᠤᠨ ᠠᠵᠢᠯ ᠳᠤ ᠭᠠᠷᠬᠤ ᠶᠢ ᠰᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠬᠥᠲᠥᠯᠪᠦᠷᠢ ᠶᠣᠰᠣᠭᠠᠷ ᠪᠣᠯᠪᠠᠰᠤᠷᠠᠭᠤᠯᠬᠤ ᠶᠢ ᠴᠢᠩᠭ᠎ᠠ ᠠᠳᠬᠤᠵᠤ᠂ ᠬᠢᠴᠢᠶᠡᠯ ᠲᠥᠷᠥᠯ ᠨᠢᠭᠡᠪᠦᠷᠢ ᠶᠢ ᠴᠢᠩᠭ᠎ᠠ ᠠᠳᠬᠤᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠬᠦᠴᠢᠷ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ︾ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠪᠣᠯᠪᠠᠰᠤᠷᠠᠯ ᠤᠨ ᠬᠢᠴᠢᠶᠡᠯ ᠲᠥᠷᠥᠯ ᠢ ᠪᠡᠶᠡᠯᠡᠭᠦᠯᠪᠡ᠃    ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠦᠷᠭᠦᠯᠵᠢᠯᠡᠨ ᠠᠮᠢᠳᠤᠯᠢᠭ ᠣᠯᠠᠨ ᠶᠠᠩᠵᠤ ᠶᠢᠨ ᠠᠷᠭ᠎ᠠ ᠬᠡᠯᠪᠡᠷᠢ ᠶᠢ ᠠᠪᠴᠤ᠂ ᠡᠷᠦᠬᠡ ᠶᠢᠨ ᠴᠡᠷᠢᠭ ᠤᠨ ᠡᠯ᠎ᠡ ᠵᠦᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠡᠩᠨᠡᠭᠡᠨ ᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠦᠶ᠎ᠡ ᠳᠤ ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠵᠤ᠂ ᠪᠠᠴᠢᠮ᠂ ᠠᠶᠤᠯᠲᠠᠢ᠂ ᠠᠶᠤᠯᠲᠠᠢ᠂ ᠬᠦᠨᠳᠦ ᠡᠭᠦᠷᠭᠡ ᠶᠢᠨ ᠳᠤᠮᠳᠠ ᠦᠢᠯᠡᠳᠦᠯ ᠢᠶᠠᠨ ᠦᠨᠡᠨᠬᠦ ᠪᠠᠳᠠᠷᠠᠭᠤᠯᠤᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号