ᠪᠠᠶᠠᠨᠬᠤᠰᠢᠭᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠨᠣᠮ ᠤᠨ ᠦᠨᠦᠷ ᠬᠠᠩᠬᠤᠯᠵᠤ ᠭᠡᠷ ᠣᠷᠣᠨ ᠢᠶᠠᠨ ᠬᠦᠴᠦᠷᠬᠡᠭᠵᠢᠭᠦᠯᠦᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠵᠢᠴᠢ ︽ᠤᠮᠠᠷᠠᠲᠤ ᠬᠢᠯᠢ ᠳᠠᠬᠢ︾ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
   ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠵᠢᠴᠢ ᠪᠦᠬᠦ ᠠᠷᠠᠳ ᠤᠨ ᠤᠩᠰᠢᠯᠭ᠎ᠠ ᠶᠢ ᠠᠬᠢᠭᠤᠯᠬᠤ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠨᠡᠩ ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠬᠢ ᠰᠣᠳᠣ ᠶᠢ ᠨᠢ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ︽4 · 23︾᠎ ᠤ ᠳᠡᠯᠡᠬᠡᠢ ᠶᠢᠨ ᠨᠣᠮ ᠤᠩᠰᠢᠬᠤ ᠡᠳᠦᠷ᠂ ᠪᠠᠶᠠᠨᠬᠤᠰᠢᠭᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ︽ᠨᠣᠮ ᠤᠨ ᠦᠨᠦᠷ ᠬᠠᠩᠬᠤᠯᠵᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠢ ᠬᠠᠮᠲᠤ ᠪᠠᠷ ᠴᠣᠭᠴᠠᠯᠠᠶ᠎ᠠ︾ ᠵᠢᠴᠢ ︽ᠤᠮᠠᠷᠠᠲᠤ ᠬᠢᠯᠢ ᠶᠢ ᠪᠠᠷᠠᠯᠠᠬᠤ︾ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠤᠷᠭᠠᠭᠤᠯᠢ ᠶᠢᠨ ᠪᠠᠭᠰᠢ ᠰᠤᠷᠤᠭᠴᠢᠳ ᠬᠤᠪᠢᠰᠬᠠᠯ ᠤᠨ ᠰᠣᠩᠭᠤᠳᠠᠭ ᠦᠯᠢᠭᠡᠷ ᠢ ᠬᠠᠮᠲᠤ ᠪᠠᠷ ᠤᠩᠰᠢᠵᠤ᠂ ᠦᠯᠢᠭᠡᠷ ᠤᠨ ᠳᠤᠮᠳᠠᠬᠢ ᠶᠣᠰᠣ ᠰᠤᠷᠲᠠᠬᠤᠨ ᠤ ᠦᠵᠡᠯᠲᠡ ᠪᠣᠯᠤᠨ ᠠᠮᠢᠳᠤᠷᠠᠯ ᠤᠨ ᠣᠶᠤᠨ ᠤᠬᠠᠭᠠᠨ ᠢ ᠬᠠᠮᠲᠤ ᠪᠠᠷ ᠬᠤᠪᠢᠶᠠᠯᠴᠠᠵᠤ᠂ ᠬᠡᠦᠬᠡᠳ ᠤᠳ ᠲᠤ ᠰᠣᠩᠭᠤᠳᠠᠭ ᠨᠣᠮ ᠪᠢᠴᠢᠭ ᠢ ᠤᠩᠰᠢᠭᠰᠠᠨ ᠢᠶᠠᠷ ᠪᠠᠷᠠᠬᠤ ᠦᠭᠡᠢ ᠪᠠᠰᠠ ᠰᠡᠳᠬᠢᠯ ᠤᠨ ᠦᠭᠡ ᠪᠠᠨ ᠳᠡᠯᠭᠡᠨ ᠥᠪᠡᠷ ᠤᠨ ᠪᠣᠳᠣᠯ ᠪᠣᠯᠤᠨ ᠲᠥᠷᠥᠭᠳᠡᠯ ᠢᠶᠠᠨ ᠢᠳᠡᠪᠬᠢᠲᠡᠢ ᠢᠯᠡᠳᠬᠡᠵᠡᠢ᠃ ᠡᠭᠦᠨ ᠤ ᠬᠠᠮᠲᠤ᠂ ︽ᠬᠠᠶᠢᠷ᠎ᠠ ᠬᠠᠯᠠᠮᠵᠢ ᠶᠢᠨ ᠡᠵᠢ︾ ᠴᠦ ᠲᠥᠪᠯᠡᠷᠡᠭᠦᠯᠦᠨ ᠬᠠᠮᠲᠤ ᠨᠣᠮ ᠤᠩᠰᠢᠬᠤ ᠠᠷᠭ᠎ᠠ ᠪᠠᠷ ᠬᠡᠦᠬᠡᠳ ᠤᠨ ᠠᠮᠢᠳᠤᠷᠠᠯ ᠪᠠ ᠰᠤᠷᠤᠯᠭ᠎ᠠ ᠶᠢᠨ ᠪᠠᠶᠢᠳᠠᠯ ᠢ ᠨᠡᠩ ᠣᠯᠠᠨ ᠣᠶᠢᠯᠠᠭᠠᠵᠤ᠂ ᠬᠡᠦᠬᠡᠳ ᠤᠨ ᠬᠤᠪᠢᠷᠠᠯᠲᠠ ᠪᠠ ᠦᠰᠦᠨ ᠪᠤᠶᠢᠵᠢᠯᠲᠠ ᠶᠢ ᠮᠡᠳᠡᠷᠡᠵᠦ᠂ ᠬᠡᠦᠬᠡᠳ ᠤᠳ ᠲᠠᠢ ᠬᠠᠮᠲᠤ ᠪᠠᠷ ᠬᠠᠶᠢᠷ᠎ᠠ ᠬᠠᠯᠠᠮᠵᠢ ᠪᠠᠷ ᠪᠢᠯᠬᠠᠭᠰᠠᠨ ᠰᠠᠶᠢᠨ ᠰᠠᠶᠢᠬᠠᠨ ᠴᠠᠭ ᠮᠥᠴᠡ ᠶᠢ ᠥᠩᠭᠡᠷᠡᠭᠦᠯᠵᠡᠢ᠃    ᠪᠠᠶᠠᠨᠬᠤᠰᠢᠭᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠶᠢᠷᠠᠲᠤ ᠡᠵᠢ︾ ᠬᠤᠣᠰᠯᠠᠨ ᠬᠠᠶᠢᠷᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠥᠷᠨᠢᠭᠦᠯᠵᠦ᠂ ︽ᠬᠠᠶᠢᠷ᠎ᠠ ᠬᠠᠯᠠᠮᠵᠢ ᠶᠢᠨ ᠡᠵᠢ︾ ᠤᠩᠰᠢᠬᠤ ᠶᠢ ᠬᠡᠦᠬᠡᠳ ᠲᠤ ᠬᠠᠨᠢ ᠪᠣᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠬᠡᠦᠬᠡᠳ ᠲᠠᠢ ᠬᠠᠷᠢᠯᠴᠠᠬᠤ ᠪᠦᠲᠦᠮᠵᠢᠲᠡᠢ ᠠᠷᠭ᠎ᠠ ᠵᠠᠮ ᠪᠣᠯᠭᠠᠵᠤ᠂ ᠤᠩᠰᠢᠯᠭ᠎ᠠ ᠶᠢᠨ ᠳᠤᠮᠳᠠ ᠬᠡᠦᠬᠡᠳ ᠤᠨ ᠰᠠᠶᠢᠨ ᠰᠠᠶᠢᠬᠠᠨ ᠣᠶᠤᠨ ᠰᠠᠨᠠᠭ᠎ᠠ ᠶᠢ ᠰᠢᠮᠡᠵᠢᠭᠦᠯᠵᠦ᠂ ᠬᠡᠦᠬᠡᠳ ᠢ ᠨᠣᠮ ᠪᠢᠴᠢᠭ ᠤᠨ ᠬᠠᠨᠢ ᠳᠣᠣᠷ᠎ᠠ ᠡᠷᠡᠭᠦᠯ ᠴᠢᠭᠢᠷᠠᠭ ᠪᠠᠶᠠᠷ ᠬᠦᠷ ᠲᠠᠢ ᠦᠰᠦᠨ ᠪᠤᠶᠢᠵᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号