ᠰᠢᠨᠡᠵᠠᠮ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2024/4/24
   ᠠᠷᠠᠳ ᠤᠨ ᠲᠥᠯᠥᠭᠡᠯᠡᠭᠴᠢᠳ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠭᠦᠢᠴᠡᠳᠬᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ 4 ᠰᠠᠷ᠎ᠠ ᠶᠢᠨ 23᠎ ᠤ ᠡᠳᠦᠷ᠂ ᠰᠢᠨᠠᠵᠠᠮ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠬᠤᠶᠠᠷ ᠱᠠᠲᠤ︾᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠢᠨᠠᠵᠠᠮ ᠰᠤᠮᠤ ᠶᠢᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ ᠦᠵᠡᠪᠡ᠃    ᠠᠵᠢᠯᠯᠠᠭ᠎ᠠ ᠶᠢᠨ ᠳᠤᠮᠳᠠ᠂ ᠲᠥᠯᠥᠭᠡᠯᠡᠭᠴᠢᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠰ ᠲᠤᠰ ᠬᠤᠯᠪᠣᠭ᠎ᠠ ᠭᠠᠴᠠᠭ᠎ᠠ᠂ ᠪᠠᠶᠠᠨᠲᠣᠬᠤᠢ ᠭᠠᠴᠠᠭ᠎ᠠ᠂ ᠪᠠᠶᠠᠨᠮᠠᠩᠬ᠎ᠠ ᠭᠠᠴᠠᠭ᠎ᠠ᠂ ᠪᠠᠶᠢᠰᠡ ᠶᠢᠨ ᠬᠤᠷᠤᠭ᠎ᠠ ᠭᠠᠴᠠᠭ᠎ᠠ ᠳᠤ ᠬᠦᠷᠴᠦ ᠴᠢᠬᠢ ᠮᠣᠳᠣ ᠲᠠᠷᠢᠬᠤ᠂ ᠪᠢᠲᠡᠭᠦᠮᠵᠢᠯᠡᠬᠦ᠂ ᠬᠠᠮᠢᠶᠠᠷᠴᠤ ᠬᠠᠮᠠᠭᠠᠯᠠᠬᠤ ᠵᠡᠷᠭᠡ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠨ ᠦᠵᠡᠪᠡ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠠᠷᠠᠳ ᠣᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠣᠶᠢᠯᠠᠭᠠᠬᠤ ᠪᠠᠷ ᠳᠠᠮᠵᠢᠭᠤᠯᠤᠨ᠂ ᠴᠢᠭᠯᠡᠭᠦᠯᠬᠦ ᠴᠢᠨᠠᠷᠲᠠᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠰᠤᠮᠤᠨ ᠤ ᠵᠠᠰᠠᠭ ᠤᠨ ᠣᠷᠳᠣᠨ ᠪᠠ ᠪᠠᠷᠢᠯᠭ᠎ᠠ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃    ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠣᠯᠤᠨ ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠳᠤ ᠣᠷᠣᠯᠴᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号