ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
   4 ᠰᠠᠷ᠎ᠠ ᠶᠢᠨ 23᠎ ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠵᠦ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃    ᠬᠤᠷᠠᠯ ᠠᠴᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠠᠤᠯᠢ ᠠᠴᠠ ᠵᠥᠷᠢᠴᠡᠭᠰᠡᠨ ᠵᠢᠷᠤᠭ ᠢ ᠴᠡᠭᠴᠡᠯᠡᠨ ᠰᠠᠶᠢᠵᠢᠷᠠᠭᠤᠯᠬᠤ᠂ ︽ᠳᠥᠷᠪᠡ ᠶᠢ ᠴᠠᠭᠠᠵᠠᠯᠠᠬᠤ︾ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ     ᠬᠤᠷᠠᠯ ᠠᠴᠠ᠂ ᠨᠢᠭᠡ ᠳᠤ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠡᠭᠦᠷᠭᠡᠲᠦ ᠰᠡᠳᠬᠢᠯᠭᠡ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠬᠤᠶᠠᠷ ᠲᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠡᠳᠦᠷ ᠲᠤᠲᠤᠮ ᠤᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠥᠬᠦᠷᠡᠰᠢ ᠦᠭᠡᠢ ᠠᠳᠬᠤᠬᠤ ᠭᠤᠣᠯᠳᠠᠯᠭ᠎ᠠ ᠲᠠᠢ ᠠᠵᠢᠯ ᠪᠣᠯᠭᠠᠬᠤ ᠬᠡᠷᠡᠭᠲᠡᠢ᠃ ᠭᠤᠷᠪᠠ ᠳᠤ᠂ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ ᠲᠤᠤᠱᠯᠠᠭᠤᠯᠤᠨ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠳᠠᠬᠢᠨ ᠡᠮᠬᠢᠯᠡᠵᠦ᠂ ᠳᠠᠬᠢᠨ ᠨᠠᠷᠢᠯᠢᠭᠵᠢᠭᠤᠯᠬᠤ ᠬᠡᠷᠡᠭᠲᠡᠢ᠃ ᠳᠥᠷᠪᠡ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠶᠢ ᠪᠠᠷᠢᠮᠲᠠᠯᠠᠵᠤ᠂ ᠤᠬᠠᠭᠤᠯᠭ᠎ᠠ ᠬᠥᠮᠦᠵᠢᠯ ᠪᠣᠯᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠰᠠᠶᠢᠲᠤᠷ ᠬᠢᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号