ᠰᠢᠨᠠᠵᠠᠮ ᠰᠤᠮᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/24
   ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠠᠬᠢᠴᠠ ᠶᠢ ᠠᠳᠬᠤᠵᠤ᠂ ᠶᠠᠰᠤ ᠴᠢᠨᠠᠷ ᠢ ᠪᠠᠲᠤᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠶᠠᠭ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃    ᠡᠯ᠎ᠡ ᠭᠠᠴᠠᠭᠠᠨ ᠤ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ ᠳᠤ᠂ ᠠᠵᠢᠯᠴᠢᠳ ᠶᠠᠭ ᠬᠥᠷ ᠬᠥᠭᠵᠢᠶᠡᠨ ᠲᠠᠢ ᠠᠵᠢᠯᠯᠠᠵᠤ ᠣᠶᠢᠵᠢᠭᠤᠯᠵᠤ᠂ ᠣᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠴᠢᠬᠢ ᠮᠣᠳᠣ ᠶᠢ ᠬᠠᠮᠠᠭᠠᠯᠠᠨ ᠵᠠᠶᠢᠯᠠᠵᠤ᠂ ᠰᠢᠷᠣᠢ ᠪᠥᠭᠯᠡᠨ ᠤᠰᠤᠯᠠᠵᠤ᠂ ᠡᠯᠡᠰᠦᠨ ᠬᠠᠯᠬᠠᠪᠴᠢ ᠳᠡᠪᠢᠰᠴᠦ᠂ ᠬᠦᠷᠢᠶ᠎ᠡ ᠬᠠᠰᠢᠶ᠎ᠠ ᠲᠠᠢ ᠪᠠᠷᠢᠬᠤ ᠁ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃    ᠲᠥᠷᠥᠯ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠢᠨᠵᠧᠨᠧᠷᠢᠩ ᠤᠨ ᠶᠠᠰᠤ ᠴᠢᠨᠠᠷ ᠢ ᠠᠬᠢᠭᠤᠯᠬᠤ ᠶᠢᠨ ᠲᠥᠯᠥᠭᠡ᠂ ᠭᠠᠴᠠᠭᠠᠨ ᠤ ᠳᠠᠭᠠᠭᠠᠴᠢᠯᠠᠭᠰᠠᠨ ᠤᠳᠤᠷᠢᠳᠤᠯᠭ᠎ᠠ ᠲᠦᠷᠦᠭᠦᠯᠡᠨ ᠢᠯᠡ ᠲᠣᠳᠣ ᠡᠯᠡᠰᠦᠷᠬᠡᠭᠵᠢᠭᠰᠡᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ᠂ ᠲᠤᠬᠠᠢ ᠶᠢᠨ ᠲᠠᠯᠠᠪᠠᠢ ᠳᠤ ᠲᠥᠷᠥᠯ ᠵᠦᠢᠯ ᠤᠨ ᠠᠬᠢᠴᠠ ᠶᠢ ᠵᠢᠯᠣᠭᠤᠳᠤᠨ ᠠᠬᠢᠭᠤᠯᠵᠤ᠂ ᠢᠨᠵᠧᠨᠧᠷᠢᠩ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠨ᠂ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠭᠡᠰᠢᠭᠦᠨ᠂ ᠪᠠᠷᠢᠯᠭ᠎ᠠ ᠶᠢᠨ ᠠᠩᠭᠢ ᠲᠠᠢ ᠣᠳᠣᠬᠠᠨ ᠤ ᠵᠠᠰᠠᠯᠲᠠ ᠶᠢᠨ ᠭᠤᠣᠯᠳᠠᠯᠭ᠎ᠠ᠂ ᠬᠦᠴᠢᠷ ᠠᠰᠠᠭᠤᠳᠠᠯ ᠢ ᠰᠣᠯᠢᠯᠴᠠᠨ ᠵᠠᠳᠠᠯᠵᠤ᠂ ᠵᠠᠰᠠᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠨᠢᠭᠡᠴᠡ ᠶᠢᠨ ᠠᠵᠢᠯᠲᠠᠨ᠂ ᠮᠠᠰᠢᠨ ᠮᠧᠬᠠᠨᠢᠭ ᠢ ᠰᠢᠪᠠᠳᠠᠨ ᠱᠠᠭᠠᠷᠳᠠᠵᠤ᠂ ᠪᠣᠭᠤᠮᠲᠠ ᠰᠢᠪᠲᠤᠯᠬᠤ ᠡᠭᠦᠷᠭᠡ ᠶᠢᠨ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠠᠬᠢᠴᠠ᠂ ᠲᠥᠷᠥᠯ ᠵᠦᠢᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠲᠤᠬᠠᠢ ᠳᠠᠬᠢᠨ ᠲᠣᠬᠢᠷᠠᠭᠤᠯᠤᠯᠲᠠ ᠬᠢᠵᠦ᠂ ᠳᠠᠬᠢᠨ ᠪᠠᠶᠢᠷᠢᠯᠠᠭᠤᠯᠤᠯᠲᠠ ᠬᠢᠪᠡ᠃    ᠰᠢᠨᠠᠵᠠᠮ ᠰᠤᠮᠤ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠠᠳᠬᠤᠵᠤ᠂ ᠣᠨᠢᠨ ᠳᠡᠭᠡᠷ᠎ᠡ ᠨᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠠᠵᠢᠯ ᠤᠨ ᠬᠦᠴᠦᠨ ᠢᠶᠠᠨ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠭᠠᠭᠤᠯᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠮᠣᠳᠣ ᠲᠠᠷᠢᠵᠤ ᠣᠶᠢᠵᠢᠭᠤᠯᠬᠤ ᠠᠵᠢᠯ ᠳᠤ ᠣᠷᠣᠯᠴᠠᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠣᠳᠠᠲᠠᠢ ᠬᠢᠵᠦ᠂ ᠡᠷᠲᠡ ᠦᠷ᠎ᠡ ᠪᠦᠲᠦᠮᠵᠢ ᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号