ᠬᠠᠤᠯᠢ ᠪᠠᠷ ᠵᠠᠰᠠᠬᠤ ᠤᠷᠢᠬᠠᠨ ᠰᠠᠯᠬᠢ ᠬᠥᠮᠦᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/4/24
   ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠴᠠᠭᠠᠵᠠ ᠪᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠰᠢᠷᠭ᠎ᠠ ᠭᠠᠴᠠᠭ᠎ᠠ ᠳᠤ ᠭᠦᠨᠵᠡᠭᠡᠶᠢᠷᠡᠨ ︽ᠦᠨᠳᠦᠰᠦᠲᠡᠨ ᠤ ᠪᠦᠯᠬᠦᠮᠳᠡᠯ ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾᠎ ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠢᠴᠢ ︽ᠬᠠᠤᠯᠢ ᠬᠦᠷᠭᠡᠵᠦ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠲᠠᠢ ᠤᠶᠠᠯᠳᠤᠭᠤᠯᠤᠨ᠂ ︽ᠬᠠᠤᠯᠢ ᠬᠦᠷᠭᠡᠵᠦ ᠭᠠᠴᠠᠭ᠎ᠠ ᠳᠤ ᠬᠦᠷᠭᠡᠬᠦ︾ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ 40 ᠭᠠᠷᠤᠢ ᠭᠠᠴᠠᠭᠠᠨ ᠤ ᠣᠯᠠᠨ ᠲᠦᠮᠡᠨ ᠣᠷᠣᠯᠴᠠᠵᠠᠢ᠃    ᠲᠠᠶᠢᠯᠤᠮᠵᠢ ᠳᠤ᠂ ᠬᠤᠰᠢᠭᠤ ᠨᠠᠮ ᠤᠨ ᠬᠤᠷᠢᠶᠠᠨ ᠤ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠭᠡᠰᠢᠭᠦᠨ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠲᠠᠰᠤᠭ ᠤᠨ ᠳᠠᠷᠤᠭ᠎ᠠ ᠵᠣᠣ ᠶᠠᠨ ᠯᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠪᠣᠯ ᠠᠷᠠᠳ ᠤᠨ ᠡᠷᠬᠡ ᠶᠢᠨ ᠬᠠᠤᠯᠢ ᠶᠢᠨ ᠪᠢᠴᠢᠭ ᠮᠥᠨ᠂ ᠠᠷᠠᠳ ᠲᠦᠮᠡᠨ ᠤ ᠡᠷᠬᠡ ᠪᠠᠷ ᠭᠤᠣᠯ ᠠᠭᠤᠯᠭ᠎ᠠ ᠪᠣᠯᠭᠠᠵᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ ᠪᠠᠷ ᠡᠴᠦᠰ ᠤᠨ ᠵᠣᠷᠢᠯᠭ᠎ᠠ ᠪᠣᠯᠭᠠᠵᠤ᠂ ᠠᠷᠠᠳ ᠲᠦᠮᠡᠨ ᠤ ᠡᠷᠬᠡ ᠠᠰᠢᠭ ᠢ ᠪᠡᠶᠡᠯᠡᠭᠦᠯᠬᠦ ᠪᠠᠷ ᠡᠴᠦᠰ ᠤᠨ ᠵᠣᠷᠢᠯᠭ᠎ᠠ ᠪᠣᠯᠭᠠᠵᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ ᠪᠠ ᠡᠷᠬᠡ ᠠᠰᠢᠭ ᠢ ᠪᠡᠶᠡᠯᠡᠭᠦᠯᠬᠦ ᠶᠢ ᠲᠡᠦᠬᠡ ᠶᠢᠨ ᠰᠢᠨ᠎ᠡ ᠦᠨᠳᠦᠷᠴᠡ ᠳᠤ ᠬᠦᠷᠭᠡᠪᠡ᠃ ︽ᠢᠷᠭᠡᠨ ᠤ ᠬᠠᠤᠯᠢ ᠶᠢᠨ ᠪᠢᠴᠢᠭ︾᠎ ᠤᠨ ᠴᠢᠬᠤᠯᠠ ᠴᠢᠨᠠᠷ ᠢ ᠰᠠᠭᠤᠭᠠᠯᠢ ᠠᠷᠠᠳ ᠣᠯᠠᠨ ᠳᠤ ᠲᠠᠨᠢᠭᠤᠯᠵᠤ᠂ ᠰᠠᠭᠤᠭᠠᠯᠢ ᠠᠷᠠᠳ ᠤᠨ ᠬᠠᠤᠯᠢ ᠰᠤᠷᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠳᠠᠷᠠᠭ᠎ᠠ ᠨᠢ᠂ ᠪᠠᠰᠠ ︽ᠢᠷᠭᠡᠨ ᠤ ᠬᠠᠤᠯᠢ ᠶᠢᠨ ᠪᠢᠴᠢᠭ︾᠎ ᠤᠨ ᠭᠡᠷ᠎ᠡ ᠶᠢᠨ ᠨᠠᠶᠢᠷᠠᠭᠤᠯᠤᠯ ᠢ ᠨᠠᠷᠢᠨ ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠭᠡᠷ᠎ᠡ ᠶᠢᠨ ᠬᠡᠯᠪᠡᠷᠢ᠂ ᠭᠡᠷ᠎ᠡ ᠶᠢᠨ ᠭᠤᠣᠯ ᠵᠦᠢᠯ ᠵᠤᠷᠪᠤᠰ ᠵᠢᠴᠢ ᠵᠢᠱᠢᠶ᠎ᠡ ᠲᠣᠪᠬᠢᠮᠠᠯ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠡᠩ ᠤᠨ ᠴᠢᠨᠠᠷᠲᠠᠢ ᠳᠦᠷᠢᠮ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠮᠠᠶᠢᠮᠠᠢ ᠶᠢᠨ ᠭᠡᠷ᠎ᠡ᠂ ᠪᠡᠯᠡᠭ᠂ ᠵᠢᠭᠡᠯᠡᠯᠭᠡ ᠶᠢᠨ ᠭᠡᠷ᠎ᠡ ᠵᠡᠷᠭᠡ ᠬᠡᠳᠦᠨ ᠵᠦᠢᠯ ᠤᠨ ᠨᠡᠶᠢᠲᠡᠯᠢᠭ ᠭᠡᠷ᠎ᠡ ᠶᠢ ᠭᠤᠣᠯᠳᠠᠯᠭ᠎ᠠ ᠲᠠᠢ ᠥᠭᠦᠯᠡᠪᠡ᠃ ᠪᠠᠰᠠ ᠠᠮᠢᠳᠤᠯᠢᠭ ᠬᠡᠷᠡᠭ ᠤᠨ ᠵᠢᠱᠢᠶ᠎ᠡ ᠪᠠᠷ ︽ᠣᠷᠣᠢ ᠳᠡᠭᠡᠷᠡᠬᠢ ᠠᠮᠤᠷ ᠲᠦᠪᠰᠢᠨ︾᠂ ᠵᠦᠢᠯ ᠵᠤᠷᠪᠤᠰ᠂ ᠤᠷᠤᠭ ᠭᠡᠷ ᠪᠦᠯᠢ ᠶᠢᠨ ᠲᠠᠯ᠎ᠠ ᠶᠢᠨ ᠰᠢᠨ᠎ᠡ ᠲᠣᠭᠲᠠᠭᠠᠯ ᠵᠡᠷᠭᠡ ᠶᠢ ᠲᠠᠶᠢᠯᠪᠤᠷᠢᠯᠠᠵᠤ᠂ ᠠᠮᠢᠳᠤᠯᠢᠭ ᠳᠦᠷᠰᠦᠯᠢᠭ ᠲᠠᠶᠢᠯᠪᠤᠷᠢᠯᠠᠯᠲᠠ ᠪᠠᠷ ᠳᠠᠮᠵᠢᠭᠤᠯᠤᠨ᠂ ᠣᠶᠢᠯᠠᠭᠠᠭᠳᠠᠬᠤ ᠳᠤ ᠪᠡᠷᠬᠡ ᠬᠠᠤᠯᠢ ᠴᠠᠭᠠᠵᠠ ᠶᠢᠨ ᠵᠦᠢᠯ ᠵᠤᠷᠪᠤᠰ ᠨᠢ ᠬᠢᠯᠪᠠᠷ ᠣᠶᠢᠯᠠᠭᠠᠮᠵᠢᠲᠠᠢ ᠪᠣᠯᠵᠤ᠂ ᠣᠯᠠᠨ ᠲᠦᠮᠡᠨ ᠤ ᠰᠡᠳᠬᠢᠯ ᠳᠤ ︽ᠨᠢᠰᠴᠦ ᠤᠷᠤᠰᠢᠯᠠᠪᠠ︾᠃ ᠣᠯᠠᠨ ᠲᠦᠮᠡᠨ ᠤ ᠳᠤᠷᠠᠳᠤᠭᠰᠠᠨ ᠬᠠᠤᠯᠢ ᠴᠠᠭᠠᠵᠠ ᠶᠢᠨ ᠲᠥᠭᠡᠷᠢᠭᠳᠡᠯ ᠢ ᠨᠢᠭᠡᠳ ᠨᠢᠭᠡ ᠪᠠᠷ ᠬᠦᠯᠢᠴᠡᠩᠭᠦᠢ ᠪᠠᠷ ᠬᠠᠷᠢᠭᠤᠯᠵᠤ᠂ ᠵᠢᠯᠣᠭᠤᠳᠬᠤ ᠴᠢᠨᠠᠷᠲᠠᠢ ᠰᠠᠨᠠᠭᠤᠯᠭ᠎ᠠ ᠭᠠᠷᠭᠠᠪᠠ᠃    ᠠᠵᠢᠯᠯᠠᠭ᠎ᠠ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠢᠷᠭᠡᠨ ᠤ ᠬᠠᠤᠯᠢ ᠶᠢᠨ ᠪᠢᠴᠢᠭ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠠᠷᠢᠬᠢ ᠤᠤᠭᠤᠭᠠᠳ ᠲᠡᠷᠭᠡ ᠵᠢᠯᠣᠭᠤᠳᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠤᠣᠷ ᠴᠠᠭᠠᠵᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ 260 ᠭᠠᠷᠤᠢ ᠬᠤᠪᠢ ᠲᠠᠷᠬᠠᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号