ᠳᠤᠯᠠᠭᠠᠯᠠᠭ᠎ᠠ ᠶᠢᠨ ᠢᠨᠵᠢᠨᠧᠷᠢᠩ ᠢ ᠪᠦᠬᠦ ᠳᠠᠯ᠎ᠠ ᠪᠠᠷ ᠡᠬᠢᠯᠡᠬᠦᠯᠵᠤ ᠠᠷᠠᠳ ᠤᠠᠯᠠᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/4/24
   ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠡᠪᠦᠯ ᠤᠨ ᠡᠪᠡᠳᠴᠢᠨ ᠢ ᠵᠤᠨ ᠵᠠᠰᠠᠬᠤ︾᠎ ᠶᠢ ᠪᠠᠷᠢᠮᠲᠠᠯᠠᠨ᠂ ᠳᠤᠯᠠᠭᠠᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠯᠢᠳᠡᠭᠵᠢᠭᠦᠯᠵᠦ᠂ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠬᠡᠷᠡᠭᠵᠢᠭᠦᠯᠦᠨ᠂ ᠣᠳᠣᠬᠠᠨ ᠳᠤ 5 ᠬᠡᠰᠡᠭ ᠢ ᠨᠢᠭᠡᠨᠲᠡ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ︽ᠳᠤᠯᠠᠭᠠᠯᠠᠭ᠎ᠠ︾᠎ ᠶᠢ ᠨᠠᠷᠢᠨ ᠪᠢᠴᠢᠭᠯᠡᠵᠦ᠂ ᠪᠣᠳᠠᠲᠠᠢ ᠪᠢᠴᠢᠵᠦ᠂ ᠳᠠᠷᠠᠭᠠᠴᠢ ᠶᠢᠨ ᠳᠤᠯᠠᠭᠠᠯᠠᠭ᠎ᠠ ᠶᠢᠨ ᠬᠤᠭᠤᠴᠠᠭᠠᠨ ᠳᠤ ᠭᠦᠢᠴᠡᠳ ᠪᠡᠯᠡᠳᠬᠡᠯ ᠬᠢᠵᠦ ᠪᠠᠶᠢᠨ᠎ᠠ᠃    ᠣᠶᠢᠷ᠎ᠠ ᠳᠤ᠂ ᠰᠤᠷᠪᠤᠯᠵᠢᠯᠠᠭᠴᠢ ᠰᠤᠶᠤᠯ ᠪᠠᠭ᠎ᠠ ᠳᠤᠭᠤᠷᠢᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠥᠷᠪᠡᠳᠦᠭᠡᠷ ᠬᠡᠰᠡᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠵᠢᠯᠲᠠᠳ ᠡᠮᠬᠢ ᠵᠢᠷᠤᠮ ᠲᠠᠢ ᠬᠠᠮᠵᠢᠯᠴᠠᠵᠤ᠂ ᠬᠤᠭᠤᠯᠠᠢ ᠭᠠᠩᠨᠠᠯᠲᠠ ᠶᠢᠨ ᠠᠵᠢᠯ ᠢᠶᠠᠨ ᠮᠠᠰᠢ ᠲᠦᠷᠭᠡᠨ ᠪᠡᠶᠡᠯᠡᠭᠦᠯᠵᠦ ᠪᠠᠶᠢᠬᠤ ᠶᠢ ᠣᠯᠵᠤ ᠬᠠᠷᠠᠪᠠ᠃    ︽ᠣᠳᠣᠬᠠᠨ ᠳᠤ ᠪᠠᠷᠢᠯᠭ᠎ᠠ ᠪᠠᠷᠢᠬᠤ ᠨᠢ 8 ᠭᠠᠵᠠᠷ ᠤᠨ ᠲᠡᠯᠡᠯᠲᠡ ᠶᠢᠨ ᠴᠢᠨᠠᠷᠲᠠᠢ ᠮᠤᠷᠤᠢ ᠦᠢᠯᠡᠳᠴᠦ᠂ ᠪᠢᠳᠡ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ 2024 ᠣᠨ ᠳᠤ ᠢᠯᠴᠢ ᠬᠠᠩᠭᠠᠬᠤ ᠠᠴᠠ ᠡᠮᠦᠨ᠎ᠡ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠳᠥᠷᠪᠡᠳᠦᠭᠡᠷ ᠬᠡᠰᠡᠭ ᠤᠨ ᠪᠠᠷᠢᠯᠭ᠎ᠠ ᠶᠢᠨ ᠠᠵᠢᠯ ᠤᠨ ᠬᠠᠷᠢᠭᠤᠴᠠᠯᠭᠠᠲᠠᠨ ᠮᠢ ᠴᠦᠨ ᠹᠧᠩ ᠬᠡᠯᠡᠪᠡ᠃    ᠣᠶᠢᠯᠠᠭᠠᠭᠰᠠᠨ ᠢᠶᠠᠷ᠂ ᠳᠥᠷᠪᠡᠳᠦᠭᠡᠷ ᠬᠡᠰᠡᠭ ᠲᠤ ᠭᠤᠣᠯᠳᠠᠭᠤ 7800 ᠮᠧᠲᠷ ᠤᠨ ᠬᠤᠭᠤᠯᠠᠢ ᠶᠢᠨ ᠱᠤᠭᠤᠮ ᠢ ᠥᠭᠡᠷᠡᠴᠢᠯᠡᠵᠦ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠰᠣᠯᠢᠬᠤ ᠥᠷᠲᠡᠭᠡ 1᠎ ᠶᠢ ᠰᠢᠨ᠎ᠡ ᠪᠠᠷ ᠪᠠᠶᠢᠭᠤᠯᠵᠤ᠂ ᠣᠳᠣᠬᠠᠨ ᠳᠤ ᠬᠤᠭᠤᠯᠠᠢ ᠶᠢᠨ ᠱᠤᠭᠤᠮ ᠢ ᠨᠢᠭᠡᠨᠲᠡ 5800 ᠮᠧᠲᠷ ᠪᠡᠶᠡᠯᠡᠭᠦᠯᠵᠦ᠂ ᠢᠯᠴᠢ ᠰᠣᠯᠢᠬᠤ ᠥᠷᠲᠡᠭᠡ ᠶᠢᠨ ᠰᠠᠭᠤᠷᠢ ᠶᠢ ᠨᠢᠭᠡᠨᠲᠡ ᠳᠠᠭᠤᠰᠬᠠᠵᠤ᠂ ᠵᠢᠱᠢᠯᠲᠡ ᠪᠠᠷ 9 ᠰᠠᠷ᠎ᠠ ᠳᠤ ᠪᠠᠷᠢᠵᠤ ᠳᠠᠭᠤᠰᠬᠠᠨ᠎ᠠ᠃    ᠵᠢᠩ ᠺᠧ ᠴᠠᠬᠢᠯᠭᠠᠨ ᠦᠢᠯᠡᠳᠪᠦᠷᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠪᠤᠳᠤᠭᠠᠷ ᠬᠡᠰᠡᠭ ᠲᠤ᠂ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠬᠤ ᠥᠷᠲᠡᠭᠡ ᠶᠢᠨ ᠠᠩᠬᠠᠨ ᠤ ᠥᠷᠲᠡᠭᠡ ᠶᠢᠨ ᠭᠤᠣᠯ ᠴᠣᠭᠴᠠ ᠶᠢᠨ ᠪᠠᠷᠢᠯᠭ᠎ᠠ ᠨᠢᠭᠡᠨᠲᠡ ᠳᠠᠭᠤᠰᠴᠤ᠂ ᠠᠵᠢᠯᠴᠢᠳ ᠶᠠᠭ ᠪᠣᠯᠣᠳ ᠪᠧᠲ᠋ᠤᠨ ᠲᠤᠯᠭᠠᠭᠤᠷᠢ ᠪᠤᠰᠬᠠᠵᠤ᠂ ᠢᠯᠴᠢ ᠬᠠᠩᠭᠠᠬᠤ ᠬᠤᠭᠤᠯᠠᠢ ᠤᠭᠰᠠᠷᠠᠵᠤ᠂ ᠲᠤᠬᠠᠢ ᠶᠢᠨ ᠲᠠᠯᠠᠪᠠᠢ ᠳᠤ ᠲᠠᠰᠤᠷᠠᠯᠲᠠ ᠦᠭᠡᠢ ᠳᠠᠭᠤ ᠴᠣᠬᠢᠵᠤ᠂ ᠬᠥᠷ ᠬᠥᠭᠵᠢᠶᠡᠨ ᠲᠠᠢ ᠪᠠᠷᠢᠯᠭ᠎ᠠ ᠶᠢᠨ ᠠᠵᠢᠯ ᠬᠢᠵᠦ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠪᠠ᠃ 16 ᠳ᠋ᠤᠭᠠᠷ ᠲᠣᠭᠠᠲᠤ ︵ᠲᠦᠰᠢᠶᠡᠲᠦ︶ ᠢᠯᠴᠢ ᠰᠣᠯᠢᠬᠤ ᠥᠷᠲᠡᠭᠡᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠠᠵᠢᠯᠴᠢᠳ ᠶᠠᠭ ᠴᠠᠬᠢᠯᠭᠠᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠪᠠᠴᠢᠮ ᠶᠠᠭᠠᠷᠠᠯᠲᠠᠢ ᠬᠢᠵᠦ᠂ ᠳᠠᠷᠠᠭᠠᠴᠢ ᠶᠢᠨ ᠳᠤᠯᠠᠭᠠᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢᠶᠠᠷ ᠢᠯᠴᠢ ᠬᠠᠩᠭᠠᠬᠤ ᠶᠢ ᠪᠠᠲᠤᠯᠠᠵᠤ ᠪᠠᠶᠢᠨ᠎ᠠ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 2.58 ᠳ᠋ᠦᠩᠰᠢᠭᠤᠷ ᠲᠥᠭᠦᠷᠢᠭ᠂ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠢᠯᠴᠢ ᠰᠣᠯᠢᠯᠴᠠᠬᠤ ᠠᠩᠬᠠᠨ ᠤ ᠥᠷᠲᠡᠭᠡ 1 ᠵᠢᠴᠢ ᠢᠯᠴᠢ ᠰᠣᠯᠢᠯᠴᠠᠬᠤ ᠥᠷᠲᠡᠭᠡ 2 ᠥᠷᠲᠡᠭᠡ ᠶᠢ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠬᠤᠭᠤᠯᠠᠢ ᠶᠢᠨ ᠱᠤᠭᠤᠮ ᠢ 18.4 ᠺᠢᠯᠣᠮᠧᠳ᠋ᠷ ᠳᠡᠪᠢᠰᠴᠦ᠂ ᠲᠤᠰ ᠢᠨᠵᠧᠨᠧᠷᠢᠩ ᠢ 2023 ᠣᠨ ᠤ 6 ᠰᠠᠷ᠎ᠠ ᠳᠤ ᠲᠥᠷᠥᠯ ᠵᠦᠢᠯ ᠲᠣᠭᠲᠠᠭᠠᠨ ᠴᠣᠬᠤᠯᠠᠪᠣᠷᠢᠯᠠᠭᠤᠯᠵᠤ᠂ ᠨᠡᠶᠢᠲᠡ 5 ᠪᠠᠷᠢᠮᠵᠢᠶᠠᠲᠤ ᠬᠡᠰᠡᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠭᠤᠯᠠᠢ ᠶᠢᠨ ᠱᠤᠭᠤᠮ ᠢ ᠨᠢᠭᠡᠨᠲᠡ 17 ᠺᠢᠯᠣᠮᠧᠳ᠋ᠷ ᠳᠡᠪᠢᠰᠴᠦ᠂ ᠵᠢᠩ ᠺᠧ ᠴᠠᠬᠢᠯᠭᠠᠨ ᠦᠢᠯᠡᠳᠪᠦᠷᠢ ᠶᠢᠨ ᠳᠣᠲᠣᠷᠠᠬᠢ ᠢᠯᠴᠢ ᠰᠣᠯᠢᠯᠴᠠᠬᠤ ᠥᠷᠲᠡᠭᠡ ᠶᠢᠨ ᠠᠩᠬᠠᠨ ᠤ ᠥᠷᠲᠡᠭᠡ ᠶᠢᠨ ᠭᠤᠣᠯ ᠴᠣᠭᠴᠠ ᠶᠢᠨ ᠢᠨᠵᠧᠨᠧᠷᠢᠩ ᠢ ᠨᠢᠭᠡᠨᠲᠡ ᠳᠠᠭᠤᠰᠬᠠᠪᠠ᠃ ᠲᠤᠰ ᠢᠨᠵᠧᠨᠧᠷᠢᠩ ᠢ 2024 ᠣᠨ ᠳᠤ ᠢᠯᠴᠢ ᠬᠠᠩᠭᠠᠬᠤ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠲᠤᠬᠠᠢ ᠶᠢᠨ ᠦᠶ᠎ᠡ ᠳᠤ ᠵᠢᠱᠢᠯᠲᠡ ᠪᠠᠷ 350 ᠲᠦᠮᠡᠨ ᠲᠡᠭᠰᠢ ᠳᠥᠷᠪᠡᠯᠵᠢᠨ ᠮᠧᠳ᠋ᠷ ᠣᠷᠴᠢᠮ ᠨᠡᠮᠡᠭᠳᠡᠭᠦᠯᠦᠨ᠂ ᠪᠦᠬᠦ ᠬᠤᠰᠢᠭᠤᠨ ᠤ ᠢᠯᠴᠢ ᠬᠠᠩᠭᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠴᠠᠩ ᠪᠦᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号