ᠰᠢ ᠶᠢᠨ ᠫᠢᠩ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠶᠡᠭᠡ ᠬᠠᠮᠠᠭᠠᠯᠠᠯᠳᠠ ᠶᠡᠭᠡ ᠨᠡᠭᠡᠭᠡᠯᠲᠡ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠬᠰᠢᠳᠠ ᠪᠦᠷᠢᠯᠳᠦᠭᠦᠯᠵᠥ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2024/4/24
   ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23᠎ ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠬᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠬᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠬᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤᠮᠳᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠥ ᠴᠢᠬᠤᠯᠠᠴᠢᠯᠠᠪᠠ᠃
623.jpg
   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃   ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠧᠩ ᠱᠠᠨ ᠵᠢᠶᠤ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂  ᠰᠧᠴᠦᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠤᠤ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠳᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠵᠥ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠭᠰᠠᠨ ᠪᠤᠰᠤᠳ ᠮᠤᠵᠢ ᠣᠷᠣᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠬᠡᠯᠪᠡᠷᠢ ᠪᠠᠷ ᠦᠭᠡ ᠬᠡᠯᠡᠪᠡ᠃   ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠥᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ ᠰᠤᠳᠤᠯᠤᠨ ᠰᠢᠢᠳᠪᠦᠷᠢᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃   ᠰᠢ ᠶᠢᠨ ᠫᠢᠩ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠶ ᠬᠥᠮᠦᠵᠢᠭᠦᠯᠬᠦ ᠪᠠ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠥ᠂ ᠨᠢᠭᠡ ᠪᠦᠯᠦᠭ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠴᠢᠷᠮᠠᠶᠢᠨ ᠰᠢᠪᠲᠤᠯᠬᠤ ᠬᠡᠷᠡᠭᠳᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠳᠦᠬᠡᠨ ᠪᠠᠶᠢᠭᠤᠯᠬᠤ ᠬᠡᠷᠡᠭᠳᠡᠢ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠭᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠭᠡᠨ ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠬᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠬᠦᠯᠤᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠭᠡᠷᠡᠭᠳᠠᠢ᠃ ᠲᠥᠪ ᠠᠴᠠ ᠬᠠᠮᠢᠶᠡᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ ᠠᠬᠢᠭᠤᠯᠬᠤ ᠭᠡᠷᠡᠭᠳᠠᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠬᠤ ᠭᠡᠷᠡᠭᠳᠠᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠬᠰᠡᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠶ ᠶᠢᠨ ᠠᠵᠤ ᠦᠢᠯᠡᠰ ᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠤᠢ ᠪᠣᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠥᠨᠳᠥᠷ ᠲᠦᠪᠰᠢᠨ ᠪᠦ᠋ᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ᠃ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ ᠂ ᠠᠮᠢ ᠠᠬᠤᠶ ‍ᠤᠷᠴᠢᠨ ᠲᠤᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠠᠬᠢᠭᠤᠯᠵᠤ᠂ ︽ᠤᠮᠠᠷᠠᠳᠤ ᠶᠢᠨ ᠭᠤᠷᠪᠡᠨ ᠤᠷᠤᠨ︾᠎ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ ᠬᠢᠬᠦ ᠭᠡᠷᠡᠭᠳᠠᠢ᠃ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠭᠡᠷᠡᠭᠳᠠᠢ᠃ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ ᠭᠡᠷᠡᠭᠳᠠᠢ᠃ ᠠᠮᠢ ᠠᠬᠤᠶ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠶ ᠶᠢᠨ ᠬᠠᠮᠠᠭᠠᠯᠠᠯᠳᠠ ᠳᠤ ᠨᠥᠬᠦᠪᠥᠷᠢ ᠥᠭᠬᠦ ᠬᠦᠨᠳᠡᠯᠡᠨ ᠴᠢᠭᠯᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠶᠡᠭᠡ ᠨᠡᠭᠡᠭᠡᠯᠳᠡ ᠪᠠᠷ ᠶᠡᠭᠡ ᠨᠡᠭᠡᠭᠡᠨ ᠬᠦᠭᠵᠢᠬᠦᠯᠤᠯᠳᠡ ᠢᠢ ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ ᠣᠷᠣᠨ ᠤ ᠳᠣᠲᠣᠭᠠᠳᠤ ᠭᠠᠳᠠᠭᠠᠳᠤ ᠨᠡᠭᠡᠭᠡᠯᠳᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠠᠷᠠᠭᠤᠨ ᠣᠷᠣᠨ ᠤ ᠡᠬᠡ ᠬᠠᠭᠤᠷᠠᠶ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠬᠤ ᠭᠡᠷᠡᠭᠳᠠᠢ᠃ ᠬᠢᠯᠢ ᠳᠠᠭᠠᠤ ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠳᠠᠢ᠃ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ ᠥᠷᠭᠡᠳᠭᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠬᠰᠡᠨ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠭᠡᠷᠡᠭᠳᠠᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠳᠡ ᠶᠢᠨ ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠦᠨᠵᠡᠭᠡᠶᠢᠷᠠᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠭᠡᠷᠡᠭᠳᠠᠢ᠃ ᠬᠤᠭᠤᠯᠠᠶ ᠲᠣᠤᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠬᠢᠯᠭᠠᠨ ᠢ ᠵᠡᠭᠦᠨᠰᠢ ᠬᠦᠷᠭᠡᠬᠦ︾ ᠴᠢᠳᠠᠪᠤᠷᠢ ᠶᠢ ᠳᠡᠭᠡᠭᠰᠢᠯᠡᠭᠦᠯᠬᠦ ᠭᠡᠷᠡᠭᠳᠠᠢ᠃ ᠠᠭᠤᠷᠬᠠᠶ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠣᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠭᠡᠨ ᠪᠦᠷᠢᠯᠳᠦᠬᠦᠯᠬᠦ ᠭᠡᠷᠡᠭᠳᠠᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ᠃ ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠵᠤᠯᠭᠠᠭᠤᠯᠬᠤ ᠭᠡᠷᠡᠭᠳᠠᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠶ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠶ ᠪᠠᠷ ᠪᠤᠶᠢᠵᠢᠭᠤᠯᠤᠨ᠂ ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠤᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ ᠬᠤᠭᠤᠷᠣᠨᠳᠣᠬᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ ᠬᠥᠮᠦᠨ ᠠᠮᠠ ᠪᠣᠯᠤᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠭᠡᠷᠡᠭᠳᠠᠢ᠃ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠣᠯᠭᠠᠬᠤ ᠭᠡᠷᠡᠭᠳᠠᠢ᠃ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ ᠦᠢᠯᠡᠳᠪᠦᠷᠢ ᠶᠢᠨ ᠲᠤᠮᠤ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠤᠶᠢᠵᠢᠭᠤᠯᠵᠤ᠂ ᠲᠠᠷᠢᠶᠠᠴᠢᠨ ᠲᠦᠮᠡᠨ ᠤ ᠤᠢᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ ᠪᠠᠯᠭᠠᠰᠤᠵᠢᠯᠳᠠ ᠶᠢᠨ ᠠᠬᠢᠴᠠ ᠶᠢ ᠠᠬᠢᠭᠤᠯᠬᠤ ᠭᠡᠷᠡᠭᠳᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠭᠡᠷᠡᠭᠳᠠᠢ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠤᠯᠬᠢ ᠲᠠᠳᠬᠠᠯ ᠢ ᠲᠡᠪᠴᠢᠵᠤ ᠰᠢᠨ᠎ᠠ ᠬᠡᠪ ᠰᠤᠷᠳᠠᠯ ᠢ ᠲᠡᠯᠬᠡᠷᠡᠬᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠶ ᠪᠤᠢ ᠪᠣᠯᠭᠠᠬᠤ ᠭᠡᠷᠡᠭᠳᠠᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲᠤᠮ ᠢ ᠪᠦᠷᠢᠨᠰᠢᠬᠦᠯᠵᠦ᠂ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠠᠶᠠᠯᠡᠬᠦᠯᠵᠤ᠂ ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠃ ᠦᠨᠳᠦᠰᠦᠲᠡᠨ ᠤ ᠭᠠᠵᠠᠷ ᠣᠷᠣᠨ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ ᠠᠭᠤᠰᠤᠯᠴᠬᠠᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠳᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠳᠡᠢ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠤᠭᠤᠮᠳᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠳᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠲᠦᠷᠢᠮ ᠢ ᠲᠤᠭᠳᠠᠭᠠᠨ ᠪᠦᠷᠢᠨᠰᠢᠬᠦᠯᠵᠤ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃   ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ ᠭᠠᠵᠠᠷ ᠤᠨ ᠤᠤᠯ ᠠᠴᠠ ᠪᠠᠨ ᠪᠠᠶᠢᠬᠤ ᠲᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠳᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠬᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠨᠡᠬᠡᠭᠡᠯᠳᠡ ᠶᠢ ᠥᠷᠭᠡᠳᠭᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠭᠡᠷᠡᠭᠳᠡᠢ ᠭᠡᠵᠦ ᠢᠯᠡᠷᠬᠡᠶᠢᠯᠡᠪᠡ᠃ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠬᠦ ᠬᠡᠷᠡᠭᠳᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠣᠨᠤᠴᠠᠳᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠳᠡᠢ᠃ ᠬᠥᠭᠵᠢᠯᠲᠡ ᠶᠢᠨ ᠬᠡᠯᠪᠡᠷᠢ ᠶᠢᠨ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠭᠡᠵᠦ ᠢᠯᠡᠷᠬᠡᠶᠢᠯᠡᠪᠡ᠃   ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠤ᠋ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号