ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠬᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠬᠦ ᠤᠯᠤᠰ ᠤᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠬᠡᠢ ᠰᠠᠶᠢᠲᠤᠷ | ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ | ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ | ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠳᠤᠮᠳᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠶ ᠭᠡᠵᠥ ᠴᠢᠬᠤᠯᠠᠴᠢᠯᠠᠪᠠ᠃ | | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠧᠩ | ᠱᠠᠨ ᠵᠢᠶᠤ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠰᠧᠴᠦᠸᠠᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠤᠤ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ | ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠳᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠵᠥ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ | ᠣᠷᠣᠯᠴᠠᠭᠰᠠᠨ ᠪᠤᠰᠤᠳ ᠮᠤᠵᠢ ᠣᠷᠣᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠬᠡᠯᠪᠡᠷᠢ ᠪᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠲᠥᠪ ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ | ᠪᠠᠶᠢᠷᠢᠰᠢᠯ ᠢ ᠪᠦᠷᠢᠯᠳᠦᠭᠦᠯᠬᠦ ᠲᠤᠬᠠᠶ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠶ | ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠶ | ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠪᠠᠶᠢᠷᠢᠰᠢᠯ ᠢ | ᠲᠦᠷᠭᠡᠳᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ | ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠥᠬᠦ ᠤᠯᠤᠰ ᠲᠠᠢ ᠬᠠᠮᠲᠤ ᠪᠠᠷ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ | ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ | ᠰᠤᠳᠤᠯᠤᠨ ᠰᠢᠢᠳᠪᠦᠷᠢᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ | ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠲᠦᠷᠭᠡᠳᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠶ ᠬᠥᠮᠦᠵᠢᠭᠦᠯᠬᠦ ᠪᠠ ᠣᠷᠣᠭᠤᠯᠤᠨ | ᠠᠪᠴᠢᠷᠠᠵᠤ ᠰᠠᠶᠢᠲᠤᠷ ᠬᠡᠷᠡᠭᠯᠡᠵᠥ᠂ ᠨᠢᠭᠡ ᠪᠦᠯᠦᠭ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠴᠢᠷᠮᠠᠶᠢᠨ ᠰᠢᠪᠲᠤᠯᠬᠤ | ᠬᠡᠷᠡᠭᠳᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠵᠢᠱᠢᠶ᠎ᠡ | ᠦᠵᠡᠭᠦᠯᠬᠦ ᠣᠷᠣᠨ ᠢ ᠰᠠᠶᠢᠲᠤᠷ ᠪᠦᠳᠦᠬᠡᠨ ᠪᠠᠶᠢᠭᠤᠯᠬᠤ ᠬᠡᠷᠡᠭᠳᠡᠢ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠭᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠭᠡᠨ | ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠬᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ | ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠬᠦᠯᠤᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠭᠡᠷᠡᠭᠳᠠᠢ᠃ | ᠲᠥᠪ ᠠᠴᠠ ᠬᠠᠮᠢᠶᠡᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ | ᠠᠬᠢᠭᠤᠯᠬᠤ ᠭᠡᠷᠡᠭᠳᠠᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ | ᠦᠢᠯᠡᠰ ᠪᠣᠯᠭᠠᠨ ᠪᠠᠶᠢᠭᠤᠯᠬᠤ ᠭᠡᠷᠡᠭᠳᠠᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦ᠋ᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠮᠠᠨᠳᠤᠬᠰᠡᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠶ ᠶᠢᠨ ᠠᠵᠤ ᠦᠢᠯᠡᠰ ᠢ | ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠤᠢ | ᠪᠣᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠥᠨᠳᠥᠷ ᠲᠦᠪᠰᠢᠨ ᠪᠦ᠋ᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ | ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ᠃ | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ | ᠂ ᠠᠮᠢ ᠠᠬᠤᠶ ᠤᠷᠴᠢᠨ ᠲᠤᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ | ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠠᠬᠢᠭᠤᠯᠵᠤ᠂ | ︽ᠤᠮᠠᠷᠠᠳᠤ ᠶᠢᠨ ᠭᠤᠷᠪᠡᠨ ᠤᠷᠤᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ | ᠳᠠᠶᠢᠯᠠᠯᠳᠤᠭᠠᠨ ᠢ ᠰᠠᠶᠢᠲᠤᠷ ᠬᠢᠬᠦ ᠭᠡᠷᠡᠭᠳᠠᠢ᠃ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ | ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠬᠤ ᠭᠡᠷᠡᠭᠳᠠᠢ᠃ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠠᠰᠬᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ ᠭᠡᠷᠡᠭᠳᠠᠢ᠃ ᠠᠮᠢ ᠠᠬᠤᠶ ᠶᠢᠨ ᠦᠢᠯᠡᠳᠬᠦᠨ ᠤ | ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠶ ᠶᠢᠨ ᠬᠠᠮᠠᠭᠠᠯᠠᠯᠳᠠ ᠳᠤ ᠨᠥᠬᠦᠪᠥᠷᠢ ᠥᠭᠬᠦ ᠬᠦᠨᠳᠡᠯᠡᠨ ᠴᠢᠭᠯᠡᠯ ᠤᠨ | ᠲᠣᠭᠲᠠᠴᠠ ᠶᠢ ᠲᠡᠭᠦᠯᠳᠡᠷᠵᠢᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠶᠡᠭᠡ ᠨᠡᠭᠡᠭᠡᠯᠳᠡ ᠪᠠᠷ ᠶᠡᠭᠡ ᠨᠡᠭᠡᠭᠡᠨ ᠬᠦᠭᠵᠢᠬᠦᠯᠤᠯᠳᠡ ᠢᠢ ᠠᠬᠢᠭᠤᠯᠬᠤ ᠶᠢ ᠪᠠᠷᠢᠮᠲᠠᠯᠠᠵᠤ᠂ | ᠪᠠᠷᠠᠭᠤᠨ ᠣᠷᠣᠨ ᠤ ᠳᠣᠲᠣᠭᠠᠳᠤ ᠭᠠᠳᠠᠭᠠᠳᠤ ᠨᠡᠭᠡᠭᠡᠯᠳᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠠᠷᠠᠭᠤᠨ | ᠣᠷᠣᠨ ᠤ ᠡᠬᠡ ᠬᠠᠭᠤᠷᠠᠶ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠬᠤ ᠭᠡᠷᠡᠭᠳᠠᠢ᠃ ᠬᠢᠯᠢ ᠳᠠᠭᠠᠤ | ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠭᠡᠷᠡᠭᠳᠠᠢ᠃ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ ᠥᠷᠭᠡᠳᠭᠡᠵᠦ᠂ | ᠵᠠᠬ᠎ᠠ ᠳᠡᠯᠭᠡᠭᠦᠷᠴᠢᠯᠡᠭᠰᠡᠨ ᠬᠠᠤᠯᠢᠵᠢᠬᠰᠡᠨ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ | ᠭᠡᠷᠡᠭᠳᠠᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠳᠤ | ᠢᠳᠡᠪᠬᠢᠲᠡᠶ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠳᠡ ᠶᠢᠨ ᠲᠠᠪᠴᠠᠩ ᠤᠨ ᠵᠣᠯᠭᠠᠭᠤᠯᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠬᠦᠨᠵᠡᠭᠡᠶᠢᠷᠠᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ | ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠭᠡᠷᠡᠭᠳᠠᠢ᠃ | ᠬᠤᠭᠤᠯᠠᠶ ᠲᠣᠤᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠬᠢᠯᠭᠠᠨ ᠢ ᠵᠡᠭᠦᠨᠰᠢ ᠬᠦᠷᠭᠡᠬᠦ︾ | ᠴᠢᠳᠠᠪᠤᠷᠢ ᠶᠢ ᠳᠡᠭᠡᠭᠰᠢᠯᠡᠭᠦᠯᠬᠦ ᠭᠡᠷᠡᠭᠳᠠᠢ᠃ ᠠᠭᠤᠷᠬᠠᠶ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ | ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠶ ᠶᠢᠨ | ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠣᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠭᠡᠨ ᠪᠦᠷᠢᠯᠳᠦᠬᠦᠯᠬᠦ | ᠭᠡᠷᠡᠭᠳᠠᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ᠃ | ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ | ᠵᠤᠯᠭᠠᠭᠤᠯᠬᠤ ᠭᠡᠷᠡᠭᠳᠠᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠶ ᠶᠢᠨ ᠴᠠᠭᠠᠷᠢᠭ ᠤᠨ | ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠶ ᠪᠠᠷ ᠪᠤᠶᠢᠵᠢᠭᠤᠯᠤᠨ᠂ | ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠤᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ | ᠬᠤᠭᠤᠷᠣᠨᠳᠣᠬᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ | ᠬᠠᠮᠲᠤ ᠪᠠᠷ ᠡᠳ᠋ᠯᠡᠬᠦ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ | ᠬᠥᠮᠦᠨ ᠠᠮᠠ ᠪᠣᠯᠤᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ | ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠭᠡᠷᠡᠭᠳᠠᠢ᠃ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ | ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠣᠯᠭᠠᠬᠤ ᠭᠡᠷᠡᠭᠳᠠᠢ᠃ ᠲᠤᠰ ᠲᠤᠰ ᠤᠨ ᠣᠨᠴᠠᠯᠢᠭ ᠪᠦᠬᠦᠢ | ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ | ᠦᠢᠯᠡᠳᠪᠦᠷᠢ ᠶᠢᠨ ᠲᠤᠮᠤ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠤᠶᠢᠵᠢᠭᠤᠯᠵᠤ᠂ ᠲᠠᠷᠢᠶᠠᠴᠢᠨ ᠲᠦᠮᠡᠨ ᠤ ᠤᠢᠢᠷ᠎ᠠ | ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠤᠳᠠ ᠪᠠᠯᠭᠠᠰᠤᠵᠢᠯᠳᠠ ᠶᠢᠨ ᠠᠬᠢᠴᠠ ᠶᠢ ᠠᠬᠢᠭᠤᠯᠬᠤ ᠭᠡᠷᠡᠭᠳᠠᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠭᠡᠷᠡᠭᠳᠠᠢ᠃ | ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠤᠯᠬᠢ ᠲᠠᠳᠬᠠᠯ ᠢ ᠲᠡᠪᠴᠢᠵᠤ | ᠰᠢᠨ᠎ᠠ ᠬᠡᠪ ᠰᠤᠷᠳᠠᠯ ᠢ ᠲᠡᠯᠬᠡᠷᠡᠬᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ | ᠪᠠᠶᠢᠳᠠᠯ ᠢ ᠢᠳᠡᠪᠬᠢᠲᠡᠶ ᠪᠤᠢ ᠪᠣᠯᠭᠠᠬᠤ ᠭᠡᠷᠡᠭᠳᠠᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲᠤᠮ ᠢ ᠪᠦᠷᠢᠨᠰᠢᠬᠦᠯᠵᠦ᠂ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠪᠠᠶᠠᠯᠡᠬᠦᠯᠵᠤ᠂ ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ | ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ | ᠃ ᠦᠨᠳᠦᠰᠦᠲᠡᠨ ᠤ ᠭᠠᠵᠠᠷ ᠣᠷᠣᠨ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠬᠡᠷᠡᠭᠳᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ | ᠬᠠᠷᠢᠯᠴᠠᠨ ᠠᠭᠤᠰᠤᠯᠴᠬᠠᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠲᠦᠷᠭᠡᠳᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠳᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ | ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠳᠡᠢ᠃ ᠰᠢᠨ᠎ᠡ ᠴᠠᠭ ᠦᠶ᠎ᠡ ᠶᠢᠨ ᠬᠢᠯᠢ | ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠢᠯᠢ ᠬᠢᠵᠠᠭᠠᠷ | ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ | ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠤᠭᠤᠮᠳᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ | ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ | ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠳᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ | ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ | ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ | ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ | ᠲᠦᠷᠢᠮ ᠢ ᠲᠤᠭᠳᠠᠭᠠᠨ ᠪᠦᠷᠢᠨᠰᠢᠬᠦᠯᠵᠤ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ | ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ | ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮᠳᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ | ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ | ᠭᠠᠵᠠᠷ ᠤᠨ ᠤᠤᠯ ᠠᠴᠠ ᠪᠠᠨ ᠪᠠᠶᠢᠬᠤ ᠲᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ | ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ | ᠬᠡᠷᠡᠭᠳᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ | ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠬᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ | ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ | ᠨᠡᠬᠡᠭᠡᠯᠳᠡ ᠶᠢ ᠥᠷᠭᠡᠳᠭᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ | ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠭᠡᠷᠡᠭᠳᠡᠢ ᠭᠡᠵᠦ | ᠢᠯᠡᠷᠬᠡᠶᠢᠯᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ | ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ | ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠬᠦ ᠬᠡᠷᠡᠭᠳᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠣᠨᠤᠴᠠᠳᠠᠢ᠂ ᠰᠢᠨᠵᠢᠯᠡᠬᠦ ᠤᠬᠠᠭᠠᠨᠴᠢ᠂ | ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠳᠡᠢ᠃ ᠬᠥᠭᠵᠢᠯᠲᠡ ᠶᠢᠨ ᠬᠡᠯᠪᠡᠷᠢ ᠶᠢᠨ ᠪᠤᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦ᠋ᠬᠦᠢ | ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠭᠡᠵᠦ ᠢᠯᠡᠷᠬᠡᠶᠢᠯᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠤ᠋ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | |