ᠭᠤᠣᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭ᠎ᠠ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠪᠢᠳᠡᠨ ᠤ ᠲᠠᠪᠴᠠᠩ︾᠎ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/4/25
    ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢᠨ ᠲᠥᠯᠥᠭᠡ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ 4 ᠰᠠᠷ᠎ᠠ ᠶᠢᠨ 24᠎ ᠤ ᠡᠳᠦᠷ᠂ ᠭᠤᠣᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭ᠎ᠠ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠪᠢᠳᠡᠨ ᠤ ᠲᠠᠪᠴᠠᠩ︾᠎ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠡᠷᠬᠢᠯᠡᠪᠡ᠃    ᠠᠵᠢᠯᠯᠠᠭ᠎ᠠ ᠨᠢ ᠲᠠᠯᠠᠪᠠᠢ ᠶᠢᠨ ᠪᠥᠵᠢᠭ ︽ᠳᠤᠮᠳᠠᠳᠤ ᠤᠯᠤᠰ ᠤᠨ ᠲᠠᠯ᠎ᠠ ᠨᠤᠲᠤᠭ ᠭᠤᠶᠣ ᠰᠠᠶᠢᠬᠠᠨ︾ ᠭᠡᠬᠦ ᠲᠣᠭᠯᠠᠯᠲᠠ ᠪᠠᠷ ᠬᠥᠰᠢᠭᠡ ᠪᠠᠨ ᠰᠡᠬᠦᠪᠡ᠃ ᠳᠠᠭᠤᠤ ᠬᠥᠭᠵᠢᠮ᠂ ᠪᠠᠶᠠᠷ ᠪᠠᠶᠠᠰᠬᠤᠯᠠᠩᠲᠤ ᠪᠥᠵᠢᠭ ᠤᠳ ᠣᠯᠠᠨ ᠲᠦᠮᠡᠨ ᠤ ᠠᠩᠬᠠᠷᠤᠯ ᠢ ᠲᠠᠲᠠᠭᠰᠠᠨ ᠪᠠᠶᠢᠨ᠎ᠠ᠃ ᠭᠤᠴᠣᠯᠠᠯ ᠳᠠᠭᠤᠤ ︽ᠨᠠᠨ ᠨᠢ ᠸᠠᠨ︾᠂ ᠨᠠᠶᠢᠷᠠᠯ ᠳᠠᠭᠤᠤ ︽ᠳ᠋ᠦᠩ ᠹᠠᠩ ᠤᠯᠠᠭᠠᠨ︾᠂ ᠲᠠᠶᠢᠵᠢ ᠳᠡᠪᠢᠭᠦᠷ᠂ ᠬᠤᠶᠠᠷ ᠬᠥᠮᠦᠨ ᠤ ᠡᠷᠭᠢᠯᠲᠡ᠂ ᠴᠠᠷᠭᠢᠯ ᠬᠤᠯᠪᠣᠭ᠎ᠠ ᠵᠡᠷᠭᠡ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠣᠯᠠᠨ ᠲᠦᠮᠡᠨ ᠤ ᠬᠠᠯᠠᠭᠤᠨ ᠠᠯᠠᠭ᠎ᠠ ᠲᠠᠰᠢᠯᠲᠠ ᠶᠢ ᠪᠠᠶᠢᠨ ᠪᠠᠶᠢᠨ ᠣᠯᠵᠤ ᠪᠠᠶᠢᠯ᠎ᠠ᠃    ᠭᠠᠴᠠᠭᠠᠨ ᠤ ᠠᠷᠠᠳ ᠱᠠᠩ ᠯᠢ ᠯᠢ᠄ ︽ᠤᠳᠠᠭ᠎ᠠ ᠪᠦᠷᠢ ᠠᠳᠡ ᠲᠣᠭᠯᠠᠯᠲᠠ ᠭᠠᠷᠭᠠᠬᠤ ᠪᠦᠷᠢ ᠪᠢ ᠪᠦᠷ ᠦᠵᠡᠵᠦ ᠭᠠᠷᠳᠠᠭ᠂ ᠲᠣᠭᠯᠠᠯᠲᠠ ᠨᠢ ᠴᠦ ᠮᠠᠰᠢ ᠰᠠᠶᠢᠨ᠂ ᠪᠥᠵᠢᠭ᠂ ᠳᠠᠭᠤᠤ᠂ ᠬᠤᠶᠠᠭᠤᠯᠠ ᠪᠠᠨ ᠰᠢᠯᠵᠢᠭᠦᠯᠬᠦ᠂ ᠴᠠᠷᠭᠢᠯ ᠬᠤᠯᠪᠣᠭ᠎ᠠ ᠵᠡᠷᠭᠡ ᠲᠣᠭᠯᠠᠯᠲᠠ ᠲᠠᠢ᠂ ᠲᠤᠬᠠᠢ ᠶᠢᠨ ᠲᠠᠯᠠᠪᠠᠢ ᠳᠤ ᠮᠠᠰᠢ ᠬᠥᠷ ᠬᠥᠭᠵᠢᠶᠡᠨ ᠲᠠᠢ᠂ ᠣᠯᠠᠨ ᠢᠶᠠᠷ ᠢᠶᠠᠨ ᠪᠦᠷ ᠮᠠᠰᠢ ᠳᠤᠷᠠᠲᠠᠢ ᠪᠢᠯᠡ᠃ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠪᠢᠳᠡᠨ ᠤ ᠲᠠᠪᠴᠠᠩ︾᠎ ᠨᠢ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ ᠦᠵᠡᠰᠬᠦᠯᠡᠩᠲᠦ ᠰᠠᠶᠢᠬᠠᠨ ᠪᠣᠯᠭᠠᠵᠤ᠂ ᠪᠠᠶᠠᠵᠢᠨ ᠴᠢᠨᠡᠭᠡᠯᠢᠭᠵᠢᠵᠦ᠂ ᠭᠤᠶᠢᠳᠠ ᠰᠠᠶᠢᠬᠠᠨ ᠪᠣᠯᠭᠠᠨ᠎ᠠ︾ ᠭᠡᠪᠡ᠃    ᠲᠤᠰ ᠤᠳᠠᠭᠠᠨ ᠤ ᠠᠵᠢᠯᠯᠠᠭ᠎ᠠ ᠳᠤ᠂ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠣ ᠰᠠᠶᠢᠬᠠᠨ ᠪᠥᠵᠢᠭ ᠤᠨ ᠳᠦᠷᠢ ᠲᠥᠷᠬᠦ ᠪᠠᠷ ᠢᠳᠡᠪᠬᠢᠲᠡᠢ ᠥᠭᠡᠳᠡᠯᠡᠨ ᠳᠠᠪᠰᠢᠬᠤ᠂ ᠡᠷᠡᠭᠦᠯ ᠰᠠᠷᠠᠭᠤᠯ ᠪᠣᠯᠪᠠᠰᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠯᠠᠭ᠎ᠠ ᠲᠠᠰᠢᠯᠲᠠ ᠪᠠ ᠮᠠᠭᠲᠠᠨ ᠰᠠᠶᠢᠰᠢᠶᠠᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠪᠠᠶᠠᠷᠯᠠᠨ ᠢᠨᠢᠶᠡᠯᠴᠡᠬᠦ ᠳᠠᠭᠤᠨ ᠲᠠᠰᠤᠷᠠᠯᠲᠠ ᠦᠭᠡᠢ ᠰᠣᠨᠣᠰᠳᠠᠪᠠ᠃ ᠭᠤᠶᠢᠳᠠ ᠰᠠᠶᠢᠬᠠᠨ ᠲᠣᠭᠯᠠᠯᠲᠠ ᠨᠢ ᠬᠥᠮᠦᠰ ᠤᠨ ᠰᠡᠳᠬᠢᠯ ᠳᠤ ᠣᠶᠢᠷᠠᠲᠤᠵᠤ᠂ ᠭᠠᠵᠠᠷ ᠤᠨ ᠪᠠᠶᠢᠴᠠ ᠠᠴᠠ ᠭᠦᠸᠧ ᠭᠤᠸᠠᠩ ᠭᠠᠴᠠᠭᠠᠨ ᠤ ᠰᠣᠶᠣᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠤᠮᠠᠷᠠᠲᠤ ᠬᠢᠯᠢ ᠶᠢᠨ ᠰᠣᠶᠣᠯ ᠢ ᠦᠷᠭᠦᠯᠵᠢᠯᠡᠨ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠮᠡᠳᠡᠭᠦᠯᠵᠦ᠂ ᠤᠳᠬ᠎ᠠ ᠤᠷᠠᠯᠢᠭ ᠤᠨ ᠠᠵᠢᠯᠯᠠᠭ᠎ᠠ ᠪᠠᠷ ︿ᠤᠮᠠᠷᠠᠲᠤ ᠬᠢᠯᠢ ᠶᠢᠨ ᠰᠣᠶᠣᠯ﹀᠎ ᠤᠨ ᠦᠯᠢᠭᠡᠷ ᠢ ᠰᠠᠶᠢᠲᠤᠷ ᠶᠠᠷᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号