ᠳᠥᠷᠥᠯᠵᠢ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
   ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠢᠭᠤᠨ ᠴᠡᠪᠡᠷ᠂ ᠴᠡᠪᠡᠷ ᠴᠡᠮᠴᠡᠭᠡᠷ᠂ ᠪᠣᠯᠪᠠᠰᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠢ ᠪᠣᠯᠭᠠᠵᠤ᠂ ᠣᠯᠠᠨ ᠲᠦᠮᠡᠨ ᠤ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠳᠥᠷᠥᠯᠵᠢ ᠪᠠᠯᠭᠠᠰᠤ ︽ᠪᠣᠯᠪᠠᠰᠤᠨ ᠠᠴᠠ ᠡᠬᠢᠯᠡᠵᠦ ᠴᠡᠭᠴᠡᠯᠡᠨ ᠵᠠᠰᠠᠬᠤ ᠨᠢ ᠦᠢᠯᠡ ᠠᠵᠢᠯᠯᠠᠭ᠎ᠠ ᠠᠴᠠ ᠡᠬᠢᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠭᠠᠴᠠᠭᠠᠨ ᠤ ᠬᠤᠶᠠᠷ ᠵᠥᠪᠯᠡᠯ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ᠂ ᠴᠡᠪᠡᠷᠴᠢ ᠶᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠬᠡᠷᠡᠭᠵᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭ᠎ᠠ ᠠᠵᠢᠯ ᠬᠤᠪᠢᠶᠠᠷᠢᠯᠠᠨ ᠬᠠᠮᠲᠤᠷᠠᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠬᠤᠰᠤᠭᠤᠷ ᠲᠡᠷᠭᠡ᠂ ᠭᠠᠵᠠᠷ ᠱᠦᠭᠦᠷᠳᠡᠬᠦ ᠲᠡᠷᠭᠡ᠂ ᠬᠤᠭ ᠨᠣᠪᠰᠢ ᠶᠢᠨ ᠲᠡᠷᠭᠡ ᠪᠠᠷ ᠭᠤᠣᠯ ᠵᠠᠮ᠂ ᠭᠡᠷ ᠪᠠᠶᠢᠰᠢᠩ ᠤᠨ ᠠᠷᠤ ᠥᠪᠥᠷ᠂ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ︽ᠬᠡᠪᠢᠰ ᠮᠠᠶ᠋ᠢᠭ︾᠎ ᠤᠨ ᠴᠡᠪᠡᠷᠯᠡᠯᠲᠡ ᠶᠢ ᠥᠷᠨᠢᠭᠦᠯᠵᠦ᠂ ᠨᠢᠭᠡ ᠭᠠᠵᠠᠷ ᠢ ᠴᠡᠪᠡᠷᠯᠡᠵᠦ᠂ ᠨᠢᠭᠡ ᠭᠠᠵᠠᠷ ᠢ ᠵᠢᠷᠤᠮᠵᠢᠭᠤᠯᠤᠨ᠂ ᠨᠢᠭᠡ ᠭᠠᠵᠠᠷ ᠢ ᠴᠡᠪᠡᠷᠰᠢᠭᠦᠯᠵᠦ᠂ ︽ᠨᠢᠭᠤᠷ ᠲᠠᠯ᠎ᠠ︾᠎ ᠠᠴᠠ ︽ᠳᠣᠲᠣᠷ ᠲᠠᠯ᠎ᠠ︾ ᠬᠦᠷᠲᠡᠯᠡᠬᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠢ ᠲᠥᠷᠬᠦ ᠶᠢ ᠬᠦᠴᠦᠯᠡᠨ ᠪᠣᠢ ᠪᠣᠯᠭᠠᠪᠠ᠃ ᠣᠶᠢᠷ᠎ᠠ ᠬᠠᠪᠢ ᠶᠢᠨ ᠵᠠᠷᠢᠮ ᠣᠯᠠᠨ ᠲᠦᠮᠡᠨ ᠪᠠᠶᠢᠳᠠᠯ ᠢ ᠠᠵᠢᠭᠯᠠᠵᠤ᠂ ᠪᠠᠰᠠ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠤᠬᠠᠮᠰᠠᠷ ᠠᠴᠠ ᠪᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠩᠨᠡᠭᠡᠨ ᠳᠤ ᠣᠷᠣᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠣᠷᠣᠨ ᠰᠠᠭᠤᠴᠠ ᠶᠢᠨ ᠠᠷᠢᠭᠤᠨ ᠴᠡᠪᠡᠷ ᠲᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃    ᠬᠥᠳᠡᠭᠡ ᠲᠣᠰᠭᠤᠨ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠰᠠᠶᠢᠨ ᠦᠦ ᠦᠭᠡᠢ ᠤᠣ ᠠᠷᠠᠳ ᠤᠨ ᠠᠮᠢᠳᠤᠷᠠᠯ ᠢ ᠳᠠᠢᠴᠢᠯᠠᠵᠤ ᠰᠣᠶᠣᠯ ᠪᠣᠯᠪᠠᠰᠤᠨ ᠲᠠᠢ ᠬᠤᠯᠪᠣᠯᠳᠤᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ ᠳᠥᠷᠥᠯᠵᠢ ᠪᠠᠯᠭᠠᠰᠤ ᠦᠷᠭᠦᠯᠵᠢᠯᠡᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠭᠤᠣᠯ ᠰᠡᠳᠦᠪ ᠨᠢ ᠢᠯᠡ ᠲᠣᠳᠣ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠤᠯᠤᠰ ᠲᠥᠷᠥ ᠶᠢᠨ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ︽ᠡᠵᠡᠨ ᠬᠥᠮᠦᠨ︾᠎ ᠤ ᠤᠬᠠᠮᠰᠠᠷ ᠢ ᠴᠢᠩᠭᠠᠳᠬᠠᠵᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠳᠦᠷᠢᠮ ᠢ ᠰᠠᠶᠢᠲᠤᠷ ᠬᠡᠷᠡᠭᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠵᠤ ᠠᠬᠢᠭᠤᠯᠬᠤ ᠶᠡᠭᠡ ᠪᠠᠶᠢᠷᠢᠰᠢᠯ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号