ᠰᠢᠨᠠᠵᠠᠮ ᠰᠤᠮᠤ ᠶᠢᠨ ︽ᠳᠥᠷᠪᠡᠨ ᠬᠢᠴᠢᠶᠡᠯ ᠤᠨ ᠲᠠᠩᠬᠢᠮ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠪᠦᠲᠦᠮᠵᠢᠲᠡᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/4/25
   ᠰᠢᠨᠠᠵᠠᠮ ᠰᠤᠮᠤ ᠦᠨᠳᠦᠰᠦᠲᠡᠨ ᠨᠦᠭᠦᠳ ᠤᠨ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽ᠳᠥᠷᠪᠡᠨ ᠬᠢᠴᠢᠶᠡᠯ ᠤᠨ ᠲᠠᠩᠬᠢᠮ︾᠎ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠨ᠎ᠡ ᠠᠷᠭ᠎ᠠ ᠵᠠᠮ ᠢ ᠥᠷᠭᠡᠳᠬᠡᠵᠦ᠂ ᠪᠦᠬᠦ ᠰᠤᠮᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠪᠠ᠃    ᠠᠷᠠᠳ ᠲᠦᠮᠡᠨ ᠳᠤ ᠦᠢᠯᠡᠴᠢᠯᠡᠬᠦ ᠲᠠᠪᠴᠠᠩ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠮᠤ᠂ ᠭᠠᠴᠠᠭ᠎ᠠ ᠬᠤᠶᠠᠷ ᠱᠠᠲᠤᠨ ᠳᠤ ᠲᠦᠰᠢᠭᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠬᠢᠭᠤᠯᠬᠤ ᠬᠤᠷᠠᠯ᠂ ᠨᠠᠮ ᠣᠯᠠᠨ ᠲᠦᠮᠡᠨ ᠤ ᠦᠢᠯᠡᠴᠢᠯᠡᠭᠡᠨ ᠤ  ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠭᠠᠷᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠷᠢᠶᠠᠨ ᠤ ᠲᠠᠩᠬᠢᠮ︾᠎ ᠢ ᠨᠡᠭᠡᠭᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠵᠢᠴᠢ ᠬᠤᠯᠪᠣᠭᠳᠠᠯ ᠪᠦᠬᠦᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ︽ᠤᠬᠠᠭᠤᠯᠤᠨ ᠲᠠᠶᠢᠯᠪᠤᠷᠢᠯᠠᠬᠤ ᠢᠵᠢ ᠬᠤᠭᠤᠯᠠ︾ ᠪᠠ ︽ᠵᠠᠬᠢᠶᠠᠯᠠᠭ᠎ᠠ ᠶᠢᠨ ᠬᠡᠯᠪᠡᠷᠢ ᠪᠠᠷ ᠭᠡᠷ ᠲᠤᠨᠢ ᠬᠦᠷᠴᠦ ᠦᠢᠯᠡᠴᠢᠯᠡᠬᠦ︾᠎ ᠶᠢ ᠠᠷᠠᠳ ᠣᠯᠠᠨ ᠤ ᠡᠭᠦᠳᠡᠨ ᠳᠤ ᠬᠦᠷᠭᠡᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠲᠠᠶᠢᠯᠪᠤᠷᠢᠯᠠᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ︽ᠵᠢᠷᠭᠤᠭᠠᠨ ᠦᠭᠡ ᠦᠭᠡ ᠶᠢᠨ ᠪᠣᠳᠠᠲᠤ ᠶᠠᠪᠤᠳᠠᠯ ᠪᠠ ᠶᠣᠰᠣ︾᠎ ᠶᠢ ᠡᠭᠡᠯ ᠠᠷᠠᠳ ᠤᠨ ᠭᠡᠷ ᠲᠤ ᠣᠷᠣᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃    ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠵᠡᠷᠭᠡ ᠴᠢᠬᠤᠯᠠ ᠪᠠᠶᠠᠷ ᠳᠤᠷᠠᠰᠬᠠᠯ ᠤᠨ ᠡᠳᠦᠷ ᠲᠠᠢ ᠤᠶᠠᠯᠳᠤᠭᠤᠯᠤᠨ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠣᠯ ᠰᠡᠳᠦᠪᠲᠦ ︽ᠲᠣᠰᠬᠤᠨ ᠣᠷᠣᠢ︾ ᠪᠠ ︽ᠪᠠᠶᠠᠷ ᠤᠨ ᠡᠳᠦᠷ ᠤᠨ ᠨᠠᠮ ᠤᠨ ᠠᠴᠢ ᠳᠤ ᠲᠠᠯᠠᠷᠬᠠᠵᠤ᠂ ᠰᠢᠨ᠎ᠡ ᠴᠠᠭ ᠦᠶ᠎ᠡ ᠶᠢᠨ ᠲᠤᠬᠠᠢ ᠬᠠᠮᠲᠤ ᠪᠠᠷ ᠶᠠᠷᠢᠯᠴᠠᠬᠤ︾ ᠵᠡᠷᠭᠡ ᠭᠤᠣᠯ ᠰᠡᠳᠦᠪᠲᠦ ᠰᠢᠷᠢᠰ ᠠᠵᠢᠯᠯᠠᠭ᠎ᠠ ᠶᠢ 12 ᠲᠠᠯᠠᠪᠤᠷ ᠤᠳᠠᠭ᠎ᠠ ᠥᠷᠨᠢᠭᠦᠯᠪᠡ᠃ ︽3 · 8︾᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠭᠤᠣᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠡᠮᠡᠭᠲᠡᠶᠢᠴᠦᠳ ᠤᠨ ᠶᠠᠷᠢᠯᠴᠠᠬᠤ ᠬᠤᠷᠠᠯ ᠢ 4 ᠲᠠᠯᠠᠪᠤᠷ ᠤᠳᠠᠭ᠎ᠠ ᠥᠷᠨᠢᠭᠦᠯᠪᠡ᠃ ︽4.23︾᠎ ᠤ ᠳᠡᠯᠡᠬᠡᠢ ᠶᠢᠨ ᠨᠣᠮ ᠤᠩᠰᠢᠬᠤ ᠡᠳᠦᠷ ᠲᠠᠢ ᠤᠶᠠᠯᠳᠤᠭᠤᠯᠤᠨ᠂ ︽ᠮᠠᠭᠲᠠᠭᠠᠯ ᠳᠠᠭᠤᠤ ᠶᠢ ᠨᠠᠮ ᠳᠠᠭᠠᠨ ᠳᠠᠭᠤᠯᠠᠶ᠎ᠠ︾ ᠭᠡᠬᠦ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ 5 ᠲᠠᠯᠠᠪᠤᠷ ᠤᠳᠠᠭ᠎ᠠ ᠥᠷᠨᠢᠭᠦᠯᠵᠦ᠂ ᠦᠯᠦ ᠮᠡᠳᠡᠭᠳᠡᠮ᠎ᠡ᠂ ᠦᠭᠡ ᠳᠠᠭᠤᠨ ᠦᠭᠡᠢ ᠪᠣᠯᠭᠠᠬᠤ ᠳᠤᠮᠳᠠ ᠣᠯᠠᠨ ᠲᠦᠮᠡᠨ ᠤ ᠭᠤᠣᠯ ᠱᠤᠭᠤᠮ ᠤᠨ ᠤᠬᠠᠮᠰᠠᠷ ᠢ ᠴᠢᠩᠭᠠᠳᠬᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号