ᠬᠥᠳᠡᠭᠡ ᠲᠣᠰᠬᠤᠨ ᠤ ᠡᠷᠡᠭᠦᠯ ᠮᠡᠨᠳᠦ ᠶᠢᠨ ᠦᠢᠯᠡᠴᠢᠯᠡᠭᠡ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/4/25
   ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠮᠠᠯᠴᠢᠨ ᠲᠠᠷᠢᠶᠠᠴᠢᠨ ᠲᠦᠮᠡᠨ ᠤ ᠡᠷᠡᠭᠦᠯᠵᠢᠯ ᠤᠨ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠂ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 24᠎ ᠤ ᠡᠳᠦᠷ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠭᠤᠣᠯ ᠤᠨ ᠪᠠᠶᠢᠰᠢᠩ ᠪᠠᠯᠭᠠᠰᠤᠨ ᠤ ᠬᠠᠪᠰᠤᠷᠤᠨ ᠲᠡᠳᠬᠦᠬᠦ ᠭᠠᠴᠠᠭᠠᠨ ᠤ ᠰᠢᠨ ᠹᠠ ᠭᠠᠴᠠᠭ᠎ᠠ ᠳᠤ ᠬᠦᠷᠴᠦ ᠡᠮᠴᠢᠯᠡᠭᠡ ᠬᠢᠯᠭᠡᠪᠡ᠃    ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠡᠷᠡᠭᠦᠯ ᠮᠡᠨᠳᠦ ᠶᠢᠨ ᠲᠠᠶᠢᠯᠤᠮᠵᠢ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠨᠠᠰᠤᠲᠠᠶᠢᠴᠤᠳ ᠤᠨ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠬᠦ ᠵᠢᠴᠢ ᠵᠦᠢ ᠵᠣᠬᠢᠰᠲᠠᠢ ᠢᠳᠡᠭᠡᠨ ᠤᠮᠳᠠᠭᠠᠨ᠂ ᠡᠷᠡᠭᠦᠯ ᠮᠡᠨᠳᠦ ᠶᠢᠨ ᠬᠥᠳᠡᠯᠭᠡᠭᠡᠨ ᠵᠡᠷᠭᠡ ᠲᠠᠯ᠎ᠠ ᠶᠢᠨ ᠡᠷᠡᠭᠦᠯ ᠮᠡᠨᠳᠦ ᠶᠢᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠪᠠ᠃ ᠳᠠᠷᠠᠭ᠎ᠠ ᠨᠢ᠂ ᠡᠮᠴᠢ ᠰᠤᠪᠢᠯᠠᠭᠴᠢᠳ ᠣᠯᠠᠨ ᠲᠦᠮᠡᠨ ᠳᠤ ᠴᠢᠰᠤᠨ ᠳᠠᠷᠤᠯᠲᠠ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠨ ᠪᠥᠭᠡᠳ ᠣᠯᠠᠨ ᠲᠦᠮᠡᠨ ᠤ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠡᠪᠡᠳᠴᠢᠨ ᠤ ᠪᠠᠶᠢᠳᠠᠯ᠂ ᠪᠡᠶ᠎ᠡ ᠶᠢᠨ ᠣᠨᠴᠠᠯᠢᠭ ᠢ ᠦᠨᠳᠦᠰᠦᠯᠡᠨ᠂ ᠢᠳᠡᠭᠡᠨ ᠤᠮᠳᠠᠭᠠᠨ᠂ ᠡᠮ ᠬᠡᠷᠡᠭᠯᠡᠬᠦ ᠵᠡᠷᠭᠡ ᠲᠠᠯ᠎ᠠ ᠲᠠᠢ ᠤᠶᠠᠯᠳᠤᠭᠤᠯᠤᠨ ᠲᠤᠰᠬᠠᠢ ᠮᠡᠷᠭᠡᠵᠢᠯ ᠤᠨ ᠰᠠᠨᠠᠯ ᠳᠤᠷᠠᠳᠴᠤ᠂ ᠡᠪᠡᠳᠴᠢᠲᠡᠨ ᠤ ᠲᠡᠦᠬᠡ ᠲᠠᠢ ᠤᠶᠠᠯᠳᠤᠭᠤᠯᠤᠨ᠂ ᠡᠮᠨᠡᠨ ᠵᠠᠰᠠᠬᠤ ᠰᠠᠨᠠᠭᠤᠯᠭ᠎ᠠ ᠭᠠᠷᠭᠠᠬᠤ ᠶᠢᠨ ᠬᠠᠮᠲᠤ ᠡᠳᠦᠷ ᠲᠤᠲᠤᠮ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠥᠭᠭᠦᠭᠰᠡᠨ ᠪᠠᠶᠢᠨ᠎ᠠ᠃    ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠣᠯᠠᠨ ᠲᠦᠮᠡᠨ ᠳᠤ ᠦᠨᠡᠨ ᠬᠦ ᠳᠣᠲᠣᠨᠣ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠬᠠᠶᠢᠷ᠎ᠠ ᠬᠠᠯᠠᠮᠵᠢ ᠪᠠ ᠡᠷᠡᠭᠦᠯ ᠮᠡᠨᠳᠦ ᠶᠢ ᠬᠦᠷᠭᠡᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠡᠶᠡᠯᠡᠭᠦᠯᠵᠦ᠂ ᠡᠭᠦᠨ ᠤ ᠤᠯᠠᠮ ᠠᠴᠠ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠡᠮᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号