︽ᠦᠬᠡᠷ ᠤᠨ ᠳᠠᠭᠠᠳᠬᠠᠯ︾᠎ ᠨᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/4/25
   4 ᠰᠠᠷ᠎ᠠ ᠶᠢᠨ 23᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠩᠬᠠᠳᠠᠭᠴᠢ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ ᠭᠡᠷ᠎ᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠢ ᠲᠡᠳᠬᠦᠬᠦ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠮᠵᠢᠯᠲᠠ ᠲᠠᠢ ᠭᠠᠷ ᠤᠨ ᠦᠰᠦᠭ ᠵᠢᠷᠤᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠡᠷᠦᠬᠡ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠵᠤ᠂ ᠪᠦᠬᠦ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠬᠠᠮᠠᠭᠠᠯᠠᠵᠤ ᠪᠤᠢ᠃    ᠥᠪᠥᠷ ᠮᠣᠩᠭᠤᠯ ᠤᠨ ᠬᠤᠩ ᠠᠨ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠳᠤᠮᠳᠠᠳᠤ ᠤᠯᠤᠰ ᠤᠨ ᠨᠣᠮᠣᠬᠠᠨ ᠳᠠᠯᠠᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠢᠯᠲᠠᠳ ᠶᠠᠭ ︽ᠳᠠᠭᠠᠳᠬᠠᠭᠤᠯᠤᠭᠰᠠᠨ︾ ᠠᠯᠠᠰᠢᠨ ᠦᠬᠡᠷ ᠲᠤ ᠳᠠᠭᠠᠭᠠᠴᠢᠯᠠᠯᠲᠠ ᠰᠢᠯᠭᠠᠨ ᠪᠠᠶᠢᠴᠠᠭᠠᠯᠲᠠ ᠬᠢᠵᠦ᠂ ᠠᠯᠠᠰᠢᠨ ᠦᠬᠡᠷ ᠤᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠮᠡᠳᠡᠭᠡ ᠵᠠᠩᠭᠢ ᠶᠢ ᠲᠡᠮᠳᠡᠭᠯᠡᠵᠦ᠂ ᠰᠡᠭᠦᠳᠡᠷᠯᠡᠵᠦ᠂ ᠡᠯ᠎ᠡ ᠵᠦᠢᠯ ᠤᠨ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠨᠠᠷᠢᠨ ᠨᠢᠮᠪᠠᠢ ᠭᠦᠢᠴᠡᠳᠬᠡᠵᠦ ᠪᠠᠶᠢᠨ᠎ᠠ᠃    ︽ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠨᠢ ᠮᠠᠨ ᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠠᠪᠴᠤ ᠬᠡᠯᠡᠪᠡᠯ᠂ ᠪᠢᠳᠡᠨ ᠳᠤ ᠨᠢᠭᠡ ᠵᠡᠭᠦᠦ ᠶᠢᠨ ︿ᠵᠢᠷᠦᠬᠡ ᠴᠢᠩᠭᠠᠷᠠᠭᠤᠯᠬᠤ ᠡᠮ﹀ ᠣᠷᠣᠭᠤᠯᠬᠤ ᠨᠢ ᠳᠠᠮᠵᠢᠭ ᠦᠭᠡᠢ ᠶᠤᠮ︾ ᠭᠡᠵᠡᠢ᠃ ᠥᠪᠥᠷ ᠮᠣᠩᠭᠤᠯ ᠤᠨ ᠬᠤᠩ ᠠᠨ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ ᠯᠧᠢ ᠳᠠᠭᠠᠳᠬᠠᠯ ᠤᠨ ᠬᠠᠭᠤᠳᠠᠰᠤᠨ ᠳᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠪᠠᠶᠠᠷᠲᠠᠢ ᠪᠠᠷ ᠬᠡᠯᠡᠪᠡ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ 6000 ᠭᠠᠷᠤᠢ ᠠᠯᠠᠰᠢᠨ ᠦᠬᠡᠷ ᠪᠠᠶᠢᠨ᠎ᠠ᠂ ᠣᠳᠣ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠡᠯᠢᠶᠡᠳ ᠥᠨᠳᠥᠷ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠦᠴᠢᠷᠳᠡᠯ ᠨᠡᠯᠢᠶᠡᠳ ᠶᠡᠭᠡ᠂ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠪᠠᠲᠤᠯᠠᠭ᠎ᠠ ᠲᠠᠢ ᠪᠣᠯᠪᠠᠯ ᠳᠠᠷᠤᠢ ᠰᠠᠨᠠᠭ᠎ᠠ ᠵᠣᠪᠠᠭ᠋ᠤ ᠦᠭᠡᠢ ᠪᠠᠶᠢᠵᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠨᠢᠭᠡ ᠬᠤᠪᠢ ᠪᠠᠲᠤᠯᠠᠭ᠎ᠠ ᠬᠠᠩᠭᠠᠭᠰᠠᠨ ᠪᠠᠶᠢᠨ᠎ᠠ᠃    ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠢᠲᠡᠭᠡᠯ ᠢ ᠲᠣᠭᠲᠠᠭᠤᠨ ᠪᠠᠶᠢᠯᠭᠠᠬᠤ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠨᠣᠮᠣᠬᠠᠨ ᠳᠠᠯᠠᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠴᠠᠩ ᠵᠧᠦ ᠬᠤᠪᠢᠶᠠᠷᠢ ᠺᠣᠮᠫᠠᠨᠢ ︽ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ︾᠎ ᠳᠤ ᠲᠦᠰᠢᠭᠯᠡᠨ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠢ ᠰᠤᠳᠤᠯᠤᠨ ᠨᠡᠭᠡᠭᠡᠨ᠎ᠡ ᠃ ︽ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠪᠣᠯ ︿ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ﹀᠎ ᠪᠠᠷ ᠪᠠᠷᠢᠮᠵᠢᠶ᠎ᠠ ᠪᠣᠯᠭᠠᠵᠤ᠂ 1 ᠵᠢᠯ ᠤᠨ 52 ᠭᠠᠷᠠᠭ ᠤᠨ ᠳᠤᠮᠳᠠᠴᠢ ᠵᠢᠭᠠᠯᠲᠠ ᠲᠤᠭ᠎ᠠ ᠠᠴᠠ ᠳᠣᠣᠷ᠎ᠠ ᠪᠣᠯᠪᠠᠯ ᠳᠠᠷᠤᠢ ᠲᠥᠯᠥᠪᠦᠷᠢ ᠥᠭᠴᠦ᠂ ᠠᠯᠠᠰᠢᠨ ᠦᠬᠡᠷ ᠤᠨ ᠠᠵᠤ ᠦᠢᠯᠡᠰ ᠤᠨ ᠪᠠᠶᠢᠭᠠᠯᠢ ᠶᠢᠨ ᠭᠠᠮᠰᠢᠭ ᠪᠠ ᠵᠠᠬ᠎ᠠ ᠳᠡᠯᠭᠡᠭᠦᠷ ᠤᠨ ᠬᠤᠪᠢᠷᠠᠯᠲᠠ ᠶᠢ ᠡᠰᠡᠷᠭᠦᠴᠡᠬᠦ ᠳᠠᠪᠬᠤᠷ ᠲᠦᠭᠰᠢᠭᠦᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠳᠤ ᠬᠦᠴᠦᠲᠡᠢ ᠮᠥᠩᠭᠦᠨ ᠭᠦᠢᠯᠭᠡᠭᠡᠨ ᠤ ᠪᠠᠲᠤᠯᠠᠭ᠎ᠠ ᠬᠠᠩᠭᠠᠨ᠎ᠠ︾ ᠭᠡᠵᠡᠢ᠃ ᠳᠤᠮᠳᠠᠳᠤ ᠤᠯᠤᠰ ᠤᠨ ᠨᠣᠮᠣᠬᠠᠨ ᠳᠠᠯᠠᠢ ᠶᠢᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠺᠣᠮᠫᠠᠨᠢ ᠶᠢᠨ ᠳᠠᠭᠠᠭᠠᠮᠠᠯ ᠮᠠ ᠺᠠᠢ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠭ ᠰᠠᠶᠢᠬᠠᠨ ᠤᠯᠤᠰ ᠤᠨ ᠳᠣᠲᠣᠭᠠᠳᠤ ᠶᠢᠨ ᠠᠩᠬᠠᠳᠠᠭᠴᠢ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠳᠤ ᠣᠷᠣᠯᠴᠠᠵᠤ ᠪᠠᠶᠢᠨ᠎ᠠ᠂ ᠳᠠᠭᠠᠳᠬᠠᠯ ᠳᠤ ᠤᠷᠤᠭᠰᠠᠨ ᠠᠵᠤ ᠠᠬᠤᠶᠢᠯᠠᠯ ︵ᠲᠡᠵᠢᠭᠡᠨ ᠦᠷᠡᠵᠢᠭᠦᠯᠬᠦ ᠡᠷᠦᠬᠡ︶᠎ ᠨᠢ ᠳᠤᠮᠳᠠᠳᠤ ᠤᠯᠤᠰ ᠤᠨ ᠨᠣᠮᠣᠬᠠᠨ ᠳᠠᠯᠠᠢ ᠶᠢᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠳᠠᠭᠠᠳᠬᠠᠯ ᠤᠨ ᠭᠡᠷ᠎ᠡ ᠲᠣᠭᠲᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠮᠡᠳᠡᠭᠡ ᠵᠠᠩᠭᠢ ᠰᠤᠳᠤᠯᠬᠤ ᠭᠠᠵᠠᠷ ᠵᠡᠷᠭᠡ ᠨᠢᠭᠡᠴᠡ ᠶᠢᠨ ᠬᠠᠮᠲᠤᠷᠠᠨ ᠨᠡᠶᠢᠲᠡᠯᠡᠭᠰᠡᠨ ︽ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ︾᠎ ᠲᠠᠢ ᠬᠤᠯᠪᠣᠵᠤ ᠪᠠᠶᠢᠨ᠎ᠠ᠃ ᠳᠠᠭᠠᠳᠬᠠᠯ ᠤᠨ ᠬᠤᠭᠤᠴᠠᠭᠠᠨ ᠳᠤ᠂ ᠬᠤᠶᠢᠰᠢᠳᠠ ᠶᠢᠨ ᠲᠤᠰ ᠵᠢᠭᠠᠯᠲᠠ ᠲᠤᠭ᠎ᠠ ᠳᠤ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠬᠠᠷᠠᠯᠲᠠ ᠶᠢᠨ ᠦᠨ᠎ᠡ ᠠᠴᠠ ᠳᠣᠣᠷ᠎ᠠ ᠪᠠᠶᠢᠬᠤ ᠦᠶ᠎ᠡ ᠳᠤ᠂ ᠳᠠᠭᠠᠳᠬᠠᠭᠤᠯᠤᠭᠰᠠᠨ ᠠᠵᠤ ᠠᠬᠤᠶᠢᠯᠠᠯ ︵ᠲᠡᠵᠢᠭᠡᠨ ᠦᠷᠡᠵᠢᠭᠦᠯᠬᠦ ᠡᠷᠦᠬᠡ︶ ᠳᠠᠷᠤᠢ ᠲᠥᠯᠥᠪᠦᠷᠢ ᠣᠯᠵᠤ ᠪᠣᠯᠤᠨ᠎ᠠ᠃ ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠨᠢ ᠠᠯᠠᠰᠢᠨ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠦᠭᠰᠢᠭᠦᠷᠢ ᠶᠢ ᠪᠦᠲᠦᠮᠵᠢᠲᠡᠢ ᠵᠠᠳᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠤᠬᠢᠷᠠᠯ ᠢ ᠪᠠᠭᠠᠰᠬᠠᠨ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠳᠡᠭᠡᠭᠰᠢᠯᠡᠭᠦᠯᠬᠦ ᠶᠢᠨ ᠬᠠᠮᠲᠤ ᠵᠠᠰᠠᠭ ᠤᠨ ᠣᠷᠳᠣᠨ ᠤ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠳᠠᠷᠤᠯᠲᠠ ᠶᠢ ᠬᠥᠩᠭᠡᠷᠡᠭᠦᠯᠵᠦ᠂ ᠠᠯᠠᠰᠢᠨ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ︽ᠲᠣᠭᠲᠠᠪᠤᠷᠢᠵᠢᠭᠤᠯᠤᠭᠴᠢ︾ ᠪᠠ ︽ᠬᠠᠮᠠᠭᠠᠯᠠᠭᠴᠢ︾ ᠪᠣᠯᠵᠣ᠂ ᠦᠬᠡᠷ ᠤᠨ ᠠᠵᠤ ᠦᠢᠯᠡᠰ ᠤᠨ ᠲᠣᠭᠲᠠᠭᠤᠨ ᠪᠥᠭᠡᠳ ᠦᠷᠭᠦᠯᠵᠢᠯᠡᠨ ᠬᠥᠭᠵᠢᠬᠦ ᠶᠢ ᠪᠠᠲᠤᠯᠠᠭ᠎ᠠ ᠲᠠᠢ ᠪᠣᠯᠭᠠᠪᠠ᠃    ︽ᠠᠯᠠᠰᠢᠨ ᠦᠬᠡᠷ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠨᠢ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠨ᠎ᠡ ᠬᠠᠩᠰᠢ ᠶᠢᠨ ᠲᠠᠯ᠎ᠠ ᠪᠠᠷ ᠬᠢ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠮᠥᠨ ᠴᠦ ᠬᠢᠩᠭᠠᠨ ᠠᠶᠢᠮᠠᠭ ᠤᠨ ᠤᠯᠤᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠪᠠᠶᠢᠭᠤᠯᠬᠤ ᠰᠢᠨ᠎ᠡ ᠦᠢᠯᠡᠳᠪᠦᠷᠢᠯᠡᠯ ᠤᠨ ᠬᠦᠴᠦᠨ ᠵᠦᠢᠯ ᠪᠠ ᠠᠵᠢᠯᠯᠠᠭᠠᠨ ᠤ ᠪᠠᠲᠤᠯᠠᠭ᠎ᠠ ᠮᠥᠨ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠢ ᠲᠡᠳᠬᠦᠬᠦ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠬᠠᠨ ᠵᠢᠶᠦ᠋ᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号