ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ
ᠨᠡᠶᠢᠲᠡᠯᠡᠭᠰᠡᠨ ᠴᠠᠭ᠄
2024/4/25
    ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠤᠰᠢᠭᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾᠎ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠰᠠᠶᠢᠲᠤᠷ ᠠᠳᠬᠤᠬᠤ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠨᠡᠨᠴᠢ ᠢᠲᠡᠭᠡᠮᠵᠢᠲᠡᠢ ᠪᠠᠶᠢᠬᠤ ᠪᠠᠷ ᠪᠦᠬᠦ ᠨᠡᠶᠢᠭᠡᠮ ᠤᠨ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠳᠠᠭᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠥᠨᠳᠥᠷ ᠪᠦᠲᠦᠮᠵᠢᠲᠡᠢ ᠪᠠᠶᠢᠬᠤ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠳᠤ ᠲᠥᠪ ᠴᠢᠩᠭ᠎ᠠ ᠪᠠᠷ ᠢᠯᠡ ᠪᠠᠷ ᠠᠮᠠᠯᠳᠠᠨ᠎ᠠ᠄    ᠨᠢᠭᠡ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠭᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠮᠡᠷᠭᠡᠵᠢᠯ ᠤᠨ ᠵᠢᠷᠤᠮᠵᠢᠯ ᠢ ᠴᠢᠩᠭ᠎ᠠ ᠰᠠᠬᠢᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠦᠢᠯᠡ ᠠᠵᠢᠯᠯᠠᠭ᠎ᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠥᠪᠡᠷ ᠢ ᠪᠠᠨ ᠱᠠᠭᠠᠷᠳᠠᠬᠤ ᠪᠠ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ᠂ ᠢᠲᠡᠭᠡᠯ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠢ ᠰᠠᠶᠢᠲᠤᠷ ᠬᠢᠬᠦ ᠬᠡᠷᠡᠭᠲᠡᠢ᠃    ᠬᠤᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠵᠥᠪ ᠭᠦᠢᠴᠡᠳᠬᠡᠵᠦ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠢ ᠴᠢᠩᠭ᠎ᠠ ᠵᠢᠷᠤᠮᠯᠠᠨ ᠡᠭᠦᠷᠭᠡ ᠴᠢᠳᠠᠪᠤᠷᠢ ᠪᠠᠨ ᠬᠡᠷᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠬᠡᠷᠡᠭᠵᠢᠭᠦᠯᠬᠦ ᠪᠠ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃    ᠭᠤᠷᠪᠠ᠂ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠴᠠᠭ ᠲᠤᠬᠠᠢ ᠳᠤᠨᠢ ᠣᠨᠣᠪᠴᠢᠲᠠᠢ ᠢᠯᠡ ᠪᠣᠯᠭᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ᠂ ᠴᠠᠭ ᠤᠨ ᠬᠢᠵᠠᠭᠠᠷ ᠪᠠ ᠠᠷᠭ᠎ᠠ ᠮᠠᠶ᠋ᠢᠭ ᠢ ᠲᠣᠳᠣᠷᠬᠠᠶᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠢ ᠪᠦᠬᠦ ᠶᠠᠪᠤᠴᠠ ᠳᠤ ᠢᠯᠡ ᠪᠣᠯᠭᠠᠬᠤ ᠶᠢ ᠰᠠᠶᠢᠲᠤᠷ ᠬᠢᠵᠦ᠂ ᠡᠷᠬᠡ ᠶᠢ ᠢᠯᠡ ᠪᠣᠯᠭᠠᠨ᠎ᠠ᠃    ᠳᠥᠷᠪᠡ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠠᠷᠤᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ᠃ ᠶᠠᠭᠠᠬᠢᠭᠰᠠᠨ ᠴᠤ ᠡᠷᠬᠡ ᠪᠠᠨ ᠠᠰᠢᠭᠯᠠᠨ ᠠᠮᠢ ᠪᠠᠨ ᠪᠣᠷᠳᠣᠵᠤ ᠪᠣᠯᠬᠤ ᠦᠭᠡᠢ᠂ ᠦᠢᠯᠡᠴᠢᠯᠡᠬᠦ ᠡᠲᠡᠭᠡᠳ ᠤᠨ ᠪᠡᠯᠡᠨ ᠮᠥᠩᠭᠦ᠂ ᠦᠨᠡᠲᠡᠢ ᠡᠳ᠋ ᠪᠣᠳᠠᠰ᠂ ᠦᠨᠡᠲᠦ ᠲᠡᠮᠳᠡᠭᠲᠦ ᠶᠢ ᠬᠦᠯᠢᠶᠡᠨ ᠠᠪᠬᠤ ᠦᠭᠡᠢ᠂ ᠦᠢᠯᠡᠴᠢᠯᠡᠬᠦ ᠡᠲᠡᠭᠡᠳ ᠢᠶᠠᠨ ᠶᠠᠮᠠᠷᠪᠠ ᠬᠡᠯᠪᠡᠷᠢ ᠪᠠᠷ ᠠᠪᠬᠤ᠂ ᠺᠠᠷᠲ᠂ ᠠᠪᠴᠤ ᠪᠣᠯᠬᠤ ᠦᠭᠡᠢ᠃    ᠲᠠᠪᠤ᠂ ᠤᠬᠠᠮᠰᠠᠷ ᠠᠴᠠ ᠪᠠᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠵᠠᠷᠴᠢᠮ ᠢ ᠬᠠᠮᠢᠶᠠᠷᠤᠯᠲᠠ᠂ ᠬᠢᠨᠠᠯᠲᠠ ᠲᠠᠯᠪᠢᠬᠤ ᠪᠠ ᠦᠢᠯᠡᠴᠢᠯᠡᠬᠦ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠨ᠎ᠠ᠃    ᠵᠢᠷᠭᠤᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠢᠯᠡ ᠲᠣᠳᠣ᠂ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠵᠢᠷᠤᠮᠵᠢᠭᠰᠠᠨ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ     ᠳᠣᠯᠤᠭ᠎ᠠ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠢᠲᠡᠭᠡᠮᠵᠢ ᠲᠠᠢ ᠪᠠᠶᠢᠬᠤ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠨᠠᠢᠮᠠ᠂ ᠦᠨᠡᠨᠴᠢ ᠰᠢᠳᠤᠷᠭᠤ ᠪᠠᠷ ᠬᠢᠨᠠᠯᠲᠠ ᠶᠢ ᠬᠦᠯᠢᠶᠡᠨ᠎ᠡ᠃ ᠣᠯᠠᠨ ᠲᠦᠮᠡᠨ ᠵᠢᠴᠢ ᠠᠵᠤ ᠠᠬᠤᠶᠢᠯᠠᠯ ᠤᠨ ᠵᠠᠭᠠᠯᠳᠤᠯᠭ᠎ᠠ ᠳᠤ ᠬᠢᠨᠠᠮᠠᠭᠠᠢ ᠬᠠᠨᠳᠤᠵᠤ᠂ ᠵᠠᠭᠠᠯᠳᠤᠬᠤ ᠵᠦᠢᠯᠡᠰ ᠢ ᠴᠠᠭ ᠲᠤᠬᠠᠢ ᠳᠤᠨᠢ ᠬᠢᠨᠠᠨ ᠬᠠᠷᠭᠤᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯᠲᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃    ᠳᠡᠭᠡᠷᠡᠬᠢ ᠠᠮᠠᠯᠠᠯᠲᠠ ᠳᠤ᠂ ᠥᠷᠭᠡᠨ ᠣᠯᠠᠨ ᠠᠷᠠᠳ ᠲᠦᠮᠡᠨ᠂ ᠦᠢᠯᠡᠴᠢᠯᠡᠬᠦ ᠡᠲᠡᠭᠡᠳ᠂ ᠰᠣᠨᠢᠨ ᠮᠡᠳᠡᠭᠡᠨ ᠤ ᠵᠠᠭᠤᠴᠢᠯᠠᠭᠤᠷ ᠪᠠ ᠨᠡᠶᠢᠭᠡᠮ ᠤᠨ ᠡᠯ᠎ᠡ ᠡᠲᠡᠭᠡᠳ ᠲᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃    ᠬᠢᠨᠠᠯᠲᠠ ᠲᠠᠯᠪᠢᠬᠤ ᠤᠲᠠᠰᠤ᠄ 0482 — 4126702    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ    2024 ᠣᠨ ᠤ 4 ᠰᠠᠷ᠎ᠠ ᠶᠢᠨ 23᠎ ᠤ ᠡᠳᠦᠷ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号