ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠪᠡ᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠨᠠᠮ ᠤᠨ ᠶᠡᠷᠦᠩᠬᠡᠢ ᠡᠭᠦᠷ ᠠᠴᠠ ᠨᠠᠮ ᠤᠨ ᠭᠡᠰᠢᠭᠦᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠵᠤ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠨᠳᠠᠮᠤᠨᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠺᠠᠳ᠋ᠷ ᠠᠵᠢᠯᠲᠠᠨ ᠠᠵᠢᠯᠴᠢᠨ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠵᠢᠯ ᠬᠤᠪᠢᠶᠠᠷᠢᠯᠠᠨ ᠬᠠᠮᠲᠤᠷᠠᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠨᠡᠶᠢᠭᠡᠮ ᠲᠣᠭᠤᠷᠢᠭ ᠤᠨ ᠳᠣᠲᠣᠷᠠᠬᠢ ᠵᠠᠮ ᠤᠨ ᠬᠤᠶᠠᠷ ᠬᠠᠵᠠᠭᠤ ᠪᠣᠯᠤᠨ ᠬᠤᠭ ᠨᠣᠪᠰᠢ ᠶᠢᠨ ᠥᠷᠲᠡᠭᠡᠨ ᠤ ᠳᠡᠷᠭᠡᠳᠡᠬᠢ ᠴᠠᠭᠠᠨ ᠥᠩᠭᠡᠲᠦ ᠬᠤᠭ ᠨᠣᠪᠰᠢ᠂ ᠲᠠᠮᠠᠬᠢᠨ ᠦᠵᠦᠭᠦᠷ᠂ ᠴᠢᠯᠠᠭᠤ ᠬᠡᠮᠬᠡᠷᠬᠡᠢ ᠰᠢᠷᠣᠢ ᠶᠢ ᠲᠦᠢᠯᠪᠤᠷᠢᠲᠠᠢ ᠴᠡᠪᠡᠷᠯᠡᠵᠦ᠂ ᠥᠨᠴᠥᠭ ᠪᠤᠯᠤᠩ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠪᠡ᠃    ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠬᠢᠭᠡᠳ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠤᠨ ᠠᠵᠢᠯᠲᠠᠨ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠴᠡᠪᠡᠷ ᠴᠡᠮᠴᠡᠭᠡᠷ ᠭᠤᠶᠣ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠬᠠᠮᠲᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠪᠣᠢ ᠪᠣᠯᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号