ᠪᠠᠶᠠᠨᠬᠤᠰᠢᠭᠤ ᠲᠠᠪᠤᠳᠤᠭᠠᠷ ᠳᠤᠮᠳᠠᠳᠤ ᠰᠤᠷᠭᠠᠭᠤᠯᠢ ︽ᠨᠣᠮ ᠤᠨ ᠡᠭᠡᠰᠢᠭ ᠠᠶᠠᠯᠭᠤ ᠶᠢᠨ ᠠᠩᠬᠢᠯᠤᠮ᠎ᠠ ᠦᠨᠦᠷᠲᠦ ᠠᠯᠤᠰ ᠢ ᠪᠠᠶᠠᠰᠬᠠᠬᠤ︾ 2024 ᠣᠨ ᠤ ᠰᠤᠷᠭᠠᠭᠤᠯᠢ ᠶᠢᠨ ᠬᠦᠷᠢᠶᠡᠨ ᠤ ᠨᠣᠮ ᠤᠩᠰᠢᠬᠤ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
 ᠬᠠᠮᠤᠭ ᠭᠤᠶᠣ ᠬᠥᠮᠦᠨ ᠤ ᠶᠢᠷᠲᠢᠨᠴᠦ ᠶᠢᠨ ᠳᠥᠷᠪᠡᠨ ᠰᠠᠷ᠎ᠠ ᠶᠢᠨ ᠡᠳᠦᠷ ᠪᠣᠯ ᠨᠣᠮ ᠤᠩᠱᠢᠬᠤ ᠰᠠᠶᠢᠨ ᠴᠠᠭ ᠦᠶ᠎ᠡ᠃ ︽ᠬᠤᠶᠠᠷ ᠢ ᠪᠠᠭᠠᠰᠬᠠᠬᠤ︾ ᠠᠵᠢᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾᠎ ᠶᠢ ᠡᠭᠦᠳᠦᠨ ᠪᠠᠶᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠪᠠᠭᠰᠢ ᠰᠤᠷᠤᠭᠴᠢᠳ ᠤᠨ ᠰᠠᠶᠢᠨ ᠰᠠᠶᠢᠬᠠᠨ ᠤᠩᠰᠢᠯᠭ᠎ᠠ ᠪᠠ ᠪᠢᠴᠢᠯᠭᠡ ᠶᠢᠨ ᠳᠠᠳᠬᠠᠯ ᠢ ᠬᠥᠮᠦᠵᠢᠭᠦᠯᠵᠦ᠂ ᠪᠠᠭᠰᠢ ᠰᠤᠷᠤᠭᠴᠢᠳ ᠤᠨ ᠭᠤᠸ᠎ᠠ ᠰᠠᠶᠢᠬᠠᠨ ᠤ ᠳᠤᠷ᠎ᠠ ᠪᠠᠬ᠎ᠠ ᠪᠠ ᠰᠣᠶᠣᠯ ᠢᠷᠭᠡᠨᠰᠢᠯ ᠤᠨ ᠠᠭᠤᠯᠤᠭᠳᠠᠬᠤᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠢᠴᠢᠭ ᠤᠨ ᠰᠤᠷᠪᠤᠯᠵᠢᠲᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠪᠠᠶᠠᠨᠬᠤᠰᠢᠭᠤ ᠲᠠᠪᠤᠳᠤᠭᠠᠷ ᠳᠤᠮᠳᠠᠳᠤ ᠰᠤᠷᠭᠠᠭᠤᠯᠢ ︽ᠪᠢᠴᠢᠭ ᠤᠨ ᠬᠥᠭ ᠠᠶᠠᠰ ᠢᠶᠠᠷ ᠠᠩᠬᠢᠯᠤᠮ᠎ᠠ ᠦᠨᠦᠷ ᠬᠠᠩᠬᠤᠯᠵᠤ ᠠᠯᠤᠰ ᠢᠷᠡᠭᠡᠳᠦᠢ ᠶᠢ ᠪᠠᠶᠠᠰᠬᠠᠬᠤ︾ ᠭᠤᠣᠯ ᠰᠡᠳᠦᠪᠲᠦ ᠰᠤᠷᠭᠠᠭᠤᠯᠢ ᠶᠢᠨ ᠬᠦᠷᠢᠶᠡᠨ ᠤ ᠨᠣᠮ ᠤᠩᠰᠢᠬᠤ ᠪᠠᠶᠠᠷ ᠤᠨ ᠠᠵᠢᠯᠯᠠᠭ᠎ᠠ ᠶᠢ ᠥᠷᠨᠢᠭᠦᠯᠪᠡ᠃    ᠬᠠᠪᠤᠷ ᠤᠨ ᠴᠠᠭ ᠪᠣᠯᠤᠯ᠎ᠠ᠂ ᠨᠣᠮ ᠤᠩᠰᠢᠬᠤ ᠴᠠᠭ ᠶᠠᠭ ᠲᠠᠭᠠᠷᠠᠵᠠᠢ᠃ ︽ᠤᠷᠠᠨ ᠪᠢᠴᠢᠯᠭᠡ ᠶᠢᠨ ᠡᠭᠡᠰᠢᠭ ᠬᠠᠩᠭᠢᠨᠠᠮ᠎ᠠ ᠰᠠᠶᠢᠬᠠᠨ ᠠᠯᠤᠰ ᠤᠨ ᠬᠠᠷᠠᠯᠲᠠ︾ ᠨᠣᠮ ᠤᠩᠰᠢᠬᠤ ᠨᠠᠶᠢᠷ ᠤᠨ ᠡᠬᠢᠯᠡᠯᠲᠡ ᠶᠢᠨ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃    ᠬᠡᠯᠡ ᠪᠢᠴᠢᠭ ᠤᠨ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠯᠢ ᠼᠠᠢ ᠶᠦᠨ ᠪᠠᠭᠰᠢ ᠪᠦᠬᠦ ᠪᠠᠭᠰᠢ ᠰᠤᠷᠤᠭᠴᠢᠳ ᠲᠤ ︽ᠤᠷᠠᠨ ᠪᠢᠴᠢᠯᠭᠡ ᠶᠢᠨ ᠠᠩᠬᠢᠯᠤᠮ᠎ᠠ ᠦᠨᠦᠷ ᠬᠠᠩᠬᠤᠯᠤᠭᠰᠠᠨ ᠠᠯᠤᠰ ᠤᠨ ᠬᠠᠷᠠᠯᠲᠠ︾᠎ ᠶᠢᠨ ᠨᠣᠮ ᠤᠩᠰᠢᠬᠤ ᠪᠠᠶᠠᠷ ᠤᠨ ᠠᠵᠢᠯᠯᠠᠭ᠎ᠠ ᠶᠢᠨ ᠲᠥᠰᠦᠯ ᠢ ᠤᠩᠰᠢᠨ ᠨᠡᠶᠢᠲᠡᠯᠡᠪᠡ᠃    ᠵᠢᠭᠠᠨ ᠵᠢᠯᠣᠭᠤᠳᠬᠤ ᠭᠠᠵᠠᠷ ᠤᠨ ᠳᠡᠳ᠋ ᠡᠷᠬᠢᠯᠡᠭᠴᠢ ᠸᠠᠩ ᠰᠢᠦᠢ ᠶᠢᠩ ᠪᠠᠭᠰᠢ ᠨᠠᠷ ᠲᠤᠰ ᠤᠳᠠᠭᠠᠨ ᠤ ᠠᠵᠢᠯᠯᠠᠭ᠎ᠠ ᠳᠤ ᠪᠠᠶᠠᠷ ᠤᠨ ᠦᠭᠡ ᠬᠡᠯᠡᠵᠦ᠂ ᠪᠦᠬᠦ ᠪᠠᠭᠰᠢ ᠰᠤᠷᠤᠭᠴᠢᠳ ᠢ ᠤᠩᠰᠢᠯᠭ᠎ᠠ ᠶᠢᠨ ᠳᠤᠷᠠᠲᠠᠢ᠂ ᠤᠩᠰᠢᠯᠭ᠎ᠠ ᠶᠢ ᠡᠳ᠋ᠯᠡᠵᠦ᠂ ᠨᠣᠮ ᠠᠴᠠ ᠰᠢᠮ᠎ᠡ ᠲᠡᠵᠢᠭᠡᠯ ᠬᠦᠷᠳᠡᠨ ᠮᠡᠳᠡᠯᠭᠡ ᠬᠤᠷᠠᠮᠳᠤᠭᠤᠯᠵᠤ᠂ ᠰᠡᠳᠬᠢᠯ ᠰᠠᠨᠠᠭ᠎ᠠ ᠪᠠᠨ ᠬᠥᠪᠴᠢᠯᠡᠬᠦ ᠶᠢ ᠵᠣᠷᠢᠭᠵᠢᠭᠤᠯᠪᠠ᠃ ᠬᠠᠮᠲᠤ ᠰᠤᠷᠤᠭᠴᠢ ᠨᠢᠭᠡᠪᠦᠷᠢ ᠨᠣᠮ ᠪᠢᠴᠢᠭ ᠲᠤ ᠢᠳᠡᠪᠬᠢᠲᠡᠢ ᠣᠷᠣᠯᠴᠠᠵᠤ᠂ ᠨᠣᠮ ᠤᠨ ᠥᠨᠴᠥᠭ ᠢ ᠰᠤᠷᠭᠠᠭᠤᠯᠢ ᠶᠢᠨ ᠥᠨᠴᠥᠭ ᠪᠤᠯᠤᠩ ᠢᠶᠠᠷ ᠳᠦᠭᠦᠷᠭᠡ᠃    ᠰᠤᠷᠤᠭᠴᠢᠳ ᠤᠨ ᠲᠥᠯᠥᠭᠡᠯᠡᠭᠴᠢ ᠭᠤᠤ ᠦᠵᠡᠰᠬᠦᠯᠡᠩᠲᠦ ᠰᠠᠶᠢᠬᠠᠨ ᠡᠬᠢᠯᠡᠵᠦ ᠶᠠᠷᠢᠶ᠎ᠠ ᠲᠠᠯᠪᠢᠪᠠ᠂ ᠲᠡᠷᠡ ᠰᠤᠷᠤᠭᠴᠢᠳ ᠨᠣᠮ ᠤᠩᠰᠢᠬᠤ ᠪᠠᠶᠠᠷ ᠢᠶᠠᠷ ᠠᠵᠠ ᠲᠣᠬᠢᠶᠠᠯ ᠪᠣᠯᠭᠠᠨ ᠪᠢᠴᠢᠭ ᠤᠨ ᠰᠤᠷᠪᠤᠯᠵᠢᠲᠤ ᠠᠶᠠᠨ ᠳᠠᠭᠠᠨ ᠮᠣᠷᠳᠠᠵᠤ᠂ ᠨᠣᠮ ᠪᠢᠴᠢᠭ ᠤᠨ ᠳᠡᠯᠡᠬᠡᠢ ᠳ᠋ᠠᠬᠢᠨ ᠳᠤ ᠣᠶᠤᠨ ᠤᠬᠠᠭᠠᠨ ᠤ ᠭᠡᠷᠡᠯ ᠭᠢᠯᠪᠠᠭ᠎ᠠ ᠪᠠᠨ ᠡᠷᠢᠯᠬᠢᠯᠡᠵᠦ᠂ ᠦᠰᠦᠭ ᠪᠢᠴᠢᠭ ᠤᠨ ᠳᠠᠯᠠᠢ ᠲᠠᠩᠭᠢᠰ ᠲᠤ ᠣᠶᠤᠨ ᠤᠬᠠᠭᠠᠨ ᠤ ᠬᠦᠴᠦᠨ ᠴᠢᠳᠠᠯ ᠢ ᠣᠯᠵᠤ᠂ ᠣᠶᠤᠨ ᠰᠠᠨᠠᠭᠠᠨ ᠤ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ᠂ ᠬᠠᠷᠠᠭᠠᠰᠤ ᠳᠡᠭᠡᠷᠡᠬᠢ ᠥᠷᠭᠡᠨ ᠠᠭᠤᠳᠠᠮ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠳᠠᠪᠲᠠᠨ ᠪᠣᠯᠪᠠᠰᠤᠷᠠᠬᠤ ᠶᠢ ᠰᠠᠨᠠᠭᠠᠴᠢᠯᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ ᠮᠠᠨ ᠤ ᠰᠤᠷᠭᠠᠭᠤᠯᠢ ᠶᠢᠨ ᠤᠷᠠᠨ ᠤᠩᠰᠢᠯᠭ᠎ᠠ ᠶᠢᠨ ᠪᠦᠯᠬᠦᠮ ᠤᠨ ᠰᠤᠷᠤᠭᠴᠢᠳ ᠪᠦᠬᠦ ᠪᠠᠭᠰᠢ ᠰᠤᠷᠤᠭᠴᠢᠳ ᠲᠤ ᠰᠢᠯᠦᠭ ᠤᠶᠠᠩᠭᠠᠯᠠᠨ ᠤᠩᠰᠢᠬᠤ ᠦᠵᠡᠭᠦᠯᠦᠯᠭᠡ ᠶᠢᠨ ᠲᠣᠭᠯᠠᠯᠲᠠ ᠦᠵᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号