ᠯᠢ ᠴᠢᠶᠠᠩ ᠭᠦᠢᠵᠧᠦ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠪᠦᠲᠦᠮᠵᠢᠲᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ
ᠨᠡᠶᠢᠲᠡᠯᠡᠭᠰᠡᠨ ᠴᠠᠭ᠄
2024/4/25
   ᠰᠢᠨᠬᠤᠸᠠ ᠬᠤᠷᠢᠶᠠᠨ ᠤ ᠭᠦᠢᠶᠠᠩ ᠤᠨ 4 ᠰᠠᠷ᠎ᠠ ᠶᠢᠨ 24᠎ ᠤ ᠡᠳᠦᠷ ᠤᠨ ᠴᠠᠬᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 24᠎ ᠤ ᠡᠳᠦᠷ ᠭᠦᠢᠵᠧᠦ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠪᠦᠲᠦᠮᠵᠢᠲᠡᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ ᠨᠡᠩ ᠰᠠᠶᠢᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
李强1.jpg
    ᠺᠠᠢ ᠯᠢ ᠬᠤᠲᠠ ᠶᠢᠨ ᠪᠠᠢ ᠭᠦᠸᠧ ᠵᠢᠩ ᠵᠡᠭᠡᠯᠢ ᠭᠤᠳᠤᠮᠵᠢ ᠶᠢᠨ ᠰᠧ ᠶᠤᠸᠠᠨ ᠨᠡᠶᠢᠭᠡᠮ ᠲᠣᠭᠤᠷᠢᠭ 3000 ᠰᠢᠬᠠᠮ ᠣᠨᠳᠣᠣ ᠭᠠᠵᠠᠷ ᠨᠡᠭᠦᠭᠰᠡᠨ ᠣᠯᠠᠨ ᠲᠦᠮᠡᠨ ᠰᠠᠭᠤᠵᠤ ᠪᠠᠶᠢᠨ᠎ᠠ᠃ ᠯᠢ ᠴᠢᠶᠠᠩ ᠠᠳᠡ ᠢᠷᠡᠵᠦ᠂ ᠲᠥᠪᠬᠢᠨᠡᠭᠦᠯᠬᠦ ᠴᠡᠭ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠭᠡᠷ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠨᠡᠭᠦᠭᠰᠡᠨ ᠣᠯᠠᠨ ᠲᠦᠮᠡᠨ ᠤ ᠠᠵᠢᠯ ᠣᠯᠭᠤᠯᠲᠠ᠂ ᠠᠮᠢᠳᠤᠷᠠᠯ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠲᠤᠬᠠᠢ ᠶᠢᠨ ᠭᠠᠵᠠᠷ ᠤᠨ ᠨᠡᠭᠦᠯᠭᠡᠭᠰᠡᠨ ᠣᠯᠠᠨ ᠲᠦᠮᠡᠨ ᠤ ᠣᠷᠣᠨ ᠰᠠᠭᠤᠴᠠ᠂ ᠡᠮᠨᠡᠭᠦᠯᠬᠦ ᠂ ᠨᠢᠯᠬ᠎ᠠ ᠬᠡᠦᠬᠡᠳ ᠢ ᠰᠠᠭᠠᠲᠠᠭᠤᠯᠬᠤ ᠵᠡᠷᠭᠡ ᠬᠤᠶᠢᠰᠢᠳᠠ ᠶᠢᠨ ᠵᠣᠪᠠᠨᠢᠯ ᠢ ᠢᠳᠡᠪᠬᠢᠲᠡᠢ ᠰᠢᠢᠳᠪᠦᠷᠢᠯᠡᠵᠦ᠂ ᠲᠡᠳᠡᠨ ᠢ ᠬᠠᠪᠰᠤᠷᠤᠨ ᠰᠢᠨ᠎ᠡ ᠭᠡᠷ ᠣᠷᠣᠨ ᠳᠤ ᠠᠭᠤᠰᠤᠯᠴᠠᠭᠤᠯᠬᠤ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠲᠦᠢᠯ ᠢᠶᠠᠷ ᠬᠠᠯᠠᠮᠵᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠠᠯᠢ ᠣᠯᠠᠨ ᠴᠢᠬᠤᠯᠠ ᠵᠢᠭᠠᠪᠤᠷᠢ ᠥᠭᠴᠡᠢ᠃ ᠪᠢᠳᠡ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠪᠠᠰᠠ ᠦᠷᠭᠦᠯᠵᠢᠯᠡᠨ ᠲᠡᠮᠡᠴᠡᠬᠦ ᠴᠢᠬᠤᠯᠠᠲᠠᠢ ᠪᠠᠶᠢᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠢᠯ ᠤᠨ ᠡᠷᠴᠢᠮ ᠢ ᠪᠠᠲᠤᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠤᠰ ᠭᠠᠵᠠᠷ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠥᠷᠭᠡᠳᠬᠡᠬᠦ ᠪᠠ ᠣᠨᠳᠣᠣ ᠭᠠᠵᠠᠷ ᠲᠤ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠨᠡᠭᠦᠯᠭᠡᠭᠰᠡᠨ ᠣᠯᠠᠨ ᠲᠦᠮᠡᠨ ᠢ ᠲᠣᠭᠲᠠᠭᠤᠨ ᠪᠠᠶᠢᠯᠭᠠᠬᠤ᠂ ᠠᠵᠢᠯ ᠣᠯᠬᠤ᠂ ᠪᠠᠶᠠᠵᠢᠭᠤᠯᠵᠤ ᠳᠡᠶᠢᠯᠬᠦ ᠪᠣᠯᠭᠠᠬᠤ ᠬᠡᠷᠡᠭᠲᠡᠢ᠃
李强2.jpg
    ᠮᠠ ᠵᠢᠶᠠᠩ ᠰᠢᠶᠠᠨ ᠤ ᠯᠠᠨ ᠮᠧᠩ ᠭᠦ᠋ ᠠᠮᠢ ᠠᠬᠤᠢ ᠶᠢᠨ ᠬᠥᠬᠡ ᠭᠦᠵᠡᠯᠵᠡᠭᠡᠨ᠎ᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ᠂ ᠯᠢ ᠴᠢᠶᠠᠩ ᠦᠢᠯᠡᠳᠪᠦᠷᠢᠯᠡᠯ ᠤᠨ ᠲᠠᠰᠤᠭ ᠪᠣᠯᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠲᠠᠷᠢᠶᠠᠨ ᠭᠠᠵᠠᠷ ᠲᠤ ᠬᠦᠷᠴᠦ ᠠᠵᠢᠯᠯᠠᠵᠤ ᠪᠠᠶᠢᠭ᠎ᠠ ᠲᠠᠷᠢᠮᠠᠯ ᠤᠨ ᠬᠥᠮᠦᠰ ᠲᠠᠢ ᠶᠠᠷᠢᠯᠴᠠᠵᠤ᠂ ᠪᠥᠬᠦ ᠰᠢᠶᠠᠨ ᠤ ᠬᠥᠬᠡ ᠭᠦᠵᠡᠯᠵᠡᠭᠡᠨ᠎ᠡ ᠶᠢᠨ ᠠᠵᠤ ᠦᠢᠯᠡᠰ ᠤᠨ ᠬᠥᠭᠵᠢᠯᠲᠡ ᠪᠠᠷ ᠲᠠᠷᠢᠶᠠᠯᠠᠩ ᠵᠤᠭᠠᠴᠠᠯ ᠤᠨ ᠠᠭᠤᠰᠤᠯᠴᠠᠯ ᠢ ᠲᠠᠶᠢᠴᠢᠯᠠᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠲᠠᠢ ᠵᠢᠶᠠᠩ ᠰᠢᠶᠠᠨ ᠤ ᠲᠠᠢ ᠬᠦᠩ ᠵᠡᠭᠡᠯᠢ ᠭᠤᠳᠤᠮᠵᠢ ᠶᠢᠨ ᠬᠤᠩ ᠶᠠᠩ ᠲᠣᠰᠬᠤᠨ ᠳᠤ᠂ ᠯᠢ ᠴᠢᠶᠠᠩ ︽ᠲᠣᠰᠬᠤᠨ ᠤ BA︾᠎ ᠶᠢᠨ ᠰᠢᠭᠤᠳ ᠨᠡᠪᠲᠡᠷᠡᠭᠦᠯᠭᠡ ᠶᠢ ᠦᠵᠡᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠠᠵᠤ ᠦᠢᠯᠡᠰ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢ ᠰᠤᠷᠪᠤᠯᠵᠢᠯᠠᠪᠠ᠃ ᠯᠢ ᠴᠢᠶᠠᠩ ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠲᠦᠰᠢᠭᠯᠡᠨ ᠣᠨᠴᠠᠯᠢᠭᠲᠤ ᠠᠵᠤ ᠦᠢᠯᠡᠰ ᠢ ᠪᠤᠶᠢᠵᠢᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠠᠷᠭ᠎ᠠ ᠬᠢᠳᠡᠯ ᠢ ᠭᠦᠢᠴᠡᠳ ᠨᠤᠲᠠᠯᠠᠪᠠ᠃ ᠲᠡᠷᠡ᠂ ᠨᠢᠭᠡ ᠦᠢᠯᠡᠰ ᠬᠥᠭᠵᠢᠨ ᠮᠠᠨᠳᠤᠬᠤ ᠨᠢ ᠠᠯᠢᠪᠠ ᠦᠢᠯᠡᠰ ᠢ ᠠᠪᠴᠢᠷᠠᠬᠤ ᠪᠣᠯᠤᠨ᠎ᠠ ᠭᠡᠵᠦ ᠵᠢᠭᠠᠵᠤ ᠭᠠᠷᠭᠠᠪᠠ᠃ ᠭᠠᠵᠠᠷ ᠣᠷᠣᠨ ᠤ ᠳᠠᠪᠠᠭᠤᠯᠢᠭ ᠳᠠᠭᠠᠨ ᠰᠠᠭᠤᠷᠢᠯᠠᠵᠤ᠂ ᠬᠥᠭᠵᠢᠯᠲᠡ ᠶᠢᠨ ᠰᠡᠳᠬᠢᠴᠡ ᠪᠠᠨ ᠨᠡᠭᠡᠭᠡᠵᠦ᠂ ᠨᠡᠩ ᠣᠯᠠᠨ ᠠᠯᠲᠠᠨ ᠠᠷᠭ᠎ᠠ ᠪᠣᠳᠣᠯᠭ᠎ᠠ ᠪᠠᠷ ᠰᠡᠯᠡᠭᠦᠴᠡᠯ ᠵᠤᠭᠠᠴᠠᠯ᠂ ᠣᠯᠠᠨ ᠲᠦᠮᠡᠨ ᠤ ᠪᠡᠶ᠎ᠡ ᠶᠢᠨ ᠲᠠᠮᠢᠷ᠂ ᠠᠷᠠᠳ ᠤᠨ ᠵᠠᠩ ᠦᠢᠯᠡ ᠶᠢᠨ ᠰᠣᠶᠣᠯ ᠤᠨ ᠣᠶᠢᠯᠠᠭᠠᠯᠲᠠ ᠵᠡᠷᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠭᠢᠯᠠᠰ ᠴᠡᠭ ᠢ ᠪᠣᠢ ᠪᠣᠯᠭᠠᠬᠤ ᠬᠡᠷᠡᠭᠲᠡᠢ᠃ ᠶᠠᠰᠤ ᠴᠢᠨᠠᠷ ᠢ ᠪᠣᠢ ᠪᠣᠯᠭᠠᠬᠤ ᠲᠦᠷᠦᠯ ᠲᠡᠮᠳᠡᠭ ᠢ ᠪᠣᠢ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ︽ᠵᠠᠯᠭᠠᠭ᠎ᠠ ᠵᠠᠯᠭᠠᠭ᠎ᠠ ᠪᠠᠷ︾ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠮᠡᠯᠲᠡ ᠥᠷᠲᠡᠭ ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠲᠠᠷᠢᠶᠠᠴᠢᠨ ᠲᠦᠮᠡᠨ ᠢ ᠨᠡᠩ ᠣᠯᠠᠨ ᠣᠷᠣᠯᠭ᠎ᠠ ᠲᠠᠢ ᠪᠥᠭᠡᠳ ᠡᠯᠪᠡᠭ ᠪᠠᠶᠠᠯᠢᠭ ᠣᠶᠤᠨ ᠤ ᠰᠣᠶᠣᠯ ᠤᠨ ᠠᠮᠢᠳᠤᠷᠠᠯ ᠲᠠᠢ ᠪᠣᠯᠭᠠᠬᠤ ᠬᠡᠷᠡᠭᠲᠡᠢ᠃    ᠎ ᠲᠠᠢ ᠵᠢᠶᠠᠩ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ᠂ ᠯᠢ ᠴᠢᠶᠠᠩ ᠴᠠᠢ ᠶᠢᠨ ᠤᠷᠠᠯᠢᠭ ᠂ ᠠᠷᠢᠬᠢ ᠲᠣᠬᠢᠷᠠᠭᠤᠯᠬᠤ ᠪᠣᠳᠠᠲᠤ ᠪᠣᠯᠪᠠᠰᠤᠷᠠᠯ ᠤᠨ ᠲᠠᠰᠤᠭ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠣᠶᠢᠯᠠᠭᠠᠬᠤ ᠲᠥᠪ ᠢ ᠪᠠᠶᠢᠴᠠᠭᠠᠨ ᠦᠵᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠠᠭᠤᠷᠢᠨ ᠭᠠᠵᠠᠷ ᠢ ᠲᠣᠭᠤᠷᠢᠨ ᠦᠵᠡᠵᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠵᠢᠴᠢ ᠰᠤᠷᠤᠭᠴᠢᠳ ᠤᠨ ᠠᠵᠢᠯ ᠣᠯᠭᠤᠯᠲᠠ ᠶᠢᠨ ᠪᠠᠶᠢᠳᠠᠯ ᠢ ᠣᠶᠢᠯᠠᠭᠠᠵᠤ᠂ ᠪᠠᠭᠰᠢ ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠯᠢ ᠴᠢᠶᠠᠩ ᠵᠢᠭᠠᠵᠤ ᠭᠠᠷᠭᠠᠭᠰᠠᠨ ᠨᠢ᠂ ᠨᠢᠭᠡ ᠮᠡᠷᠭᠡᠵᠢᠯ ᠤᠨ ᠴᠢᠳᠠᠪᠤᠷᠢ ᠲᠠᠢ ᠪᠠᠶᠢᠵᠤ᠂ ᠠᠵᠢᠯ ᠣᠯᠬᠤ ᠴᠢᠳᠠᠪᠤᠷᠢ ᠪᠠᠨ ᠳᠡᠭᠡᠭᠰᠢᠯᠡᠭᠦᠯᠬᠦ ᠪᠣᠯ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢᠨ ᠵᠠᠩᠭᠢᠯᠠᠭ᠎ᠠ ᠮᠥᠨ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠲᠣᠭᠲᠠᠴᠠ ᠶᠢ ᠰᠠᠶᠢᠲᠤᠷ ᠠᠰᠢᠭᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠪᠣᠳᠠᠲᠠᠢ ᠪᠣᠯᠪᠠᠰᠤᠷᠠᠯ ᠤᠨ ᠠᠭᠤᠯᠭ᠎ᠠ ᠪᠠᠨ ᠴᠠᠭ ᠲᠤᠬᠠᠢ ᠳᠤᠨᠢ ᠰᠢᠨᠡᠳᠬᠡᠵᠦ᠂ ᠨᠡᠩ ᠣᠯᠠᠨ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠲᠡᠳᠡᠨ ᠢ ᠥᠪᠡᠷ ᠤᠨ ᠡᠵᠡᠮᠰᠢᠭᠰᠡᠨ ᠴᠢᠳᠠᠪᠤᠷᠢ ᠪᠠᠷ ᠢᠶᠠᠨ ᠰᠢᠷᠭᠠᠭᠤ ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠬᠡᠷᠡᠭᠲᠡᠢ᠃    ᠯᠢ ᠴᠢᠶᠠᠩ ᠭᠦᠢᠵᠧᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠶᠢ ᠭᠦᠢᠴᠡᠳ ᠨᠤᠲᠠᠯᠠᠵᠤ᠂ ᠭᠦᠢᠵᠧᠦ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠭᠦᠢᠵᠧᠦ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃    ᠡᠦ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号