ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠳᠠᠶᠢᠨ ᠤ ᠲᠠᠯᠠᠪᠤᠷ ᠲᠤ ᠬᠠᠨᠳᠤᠭᠤᠯᠤᠨ ᠴᠡᠷᠢᠭ ᠠᠩᠭᠢ ᠳᠤ ᠬᠠᠨᠳᠤᠭᠤᠯᠤᠨ ᠳᠡᠯᠡᠬᠡᠢ ᠶᠢᠨ ᠲᠡᠷᠢᠭᠦᠨ ᠤ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/25
   ᠰᠢᠨᠬᠤᠸᠠ ᠬᠤᠷᠢᠶᠠᠨ ᠤ ᠴᠦᠩᠴᠢᠩ ᠤᠨ 4 ᠰᠠᠷ᠎ᠠ ᠶᠢᠨ 25᠎ ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠮᠧᠢ ᠴᠠᠩ ᠸᠧᠢ︶ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 23᠎ ᠤ ᠡᠳᠦᠷ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠶᠢᠨ ᠤ ᠲᠠᠯᠠᠪᠤᠷ ᠲᠤ ᠬᠠᠨᠳᠤᠭᠤᠯᠵᠤ᠂ ᠴᠡᠷᠢᠭ ᠠᠩᠭᠢ ᠳᠤ ᠬᠠᠨᠳᠤᠭᠤᠯᠵᠤ᠂ ᠢᠷᠡᠭᠡᠳᠦᠢ ᠳᠤ ᠬᠠᠨᠳᠤᠵᠤ᠂ ᠰᠤᠷᠭᠠᠭᠤᠯᠢ ᠡᠷᠬᠢᠯᠡᠵᠦ ᠬᠥᠮᠦᠨ ᠢ ᠬᠥᠮᠦᠵᠢᠭᠦᠯᠬᠦ ᠲᠦᠪᠰᠢᠨ ᠪᠣᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠦᠳᠡ ᠶᠢᠨ ᠡᠮᠦᠨᠡᠬᠢ 9 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠳᠤ ᠬᠦᠷᠴᠦ᠂ ᠡᠩ ᠲᠡᠷᠢᠭᠦᠨ ᠳᠤ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠤᠨ ᠳᠠᠶᠢᠨ ᠤ ᠲᠠᠯᠠᠪᠤᠷ ᠤᠨ ᠡᠮᠴᠢᠯᠡᠭᠡᠨ ᠤ ᠠᠪᠤᠷᠠᠨ ᠵᠠᠰᠠᠬᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠳᠠᠯ ᠢ ᠣᠶᠢᠯᠠᠭᠠᠵᠤ᠂ ᠳᠠᠶᠢᠨ ᠤ ᠰᠢᠷᠬ᠎ᠠ ᠶᠢᠨ ᠪᠠᠴᠢᠮ ᠠᠪᠤᠷᠠᠯᠲᠠ ᠶᠢᠨ ᠪᠠᠭᠠᠵᠢ ᠬᠡᠷᠡᠭᠰᠡᠯ ᠪᠣᠯᠤᠨ ᠰᠤᠷᠤᠭᠴᠢᠳ ᠤᠨ ᠠᠵᠢᠯᠯᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠨᠢ ᠢᠷᠠᠭᠤ ᠠᠯᠳᠠᠷᠲᠤ ᠲᠡᠦᠬᠡ ᠶᠢ ᠤᠯᠠᠮᠵᠢᠯᠠᠨ ᠵᠠᠯᠭᠠᠮᠵᠢᠯᠠᠵᠤ᠂ ᠤᠷᠲᠤ ᠬᠤᠭᠤᠴᠠᠭ᠎ᠠ ᠪᠠᠷ ᠰᠤᠷᠭᠠᠭᠤᠯᠢ ᠡᠷᠬᠢᠯᠡᠬᠦ ᠦᠢᠯᠡᠳᠦᠯᠭᠡ ᠶᠢᠨ ᠳᠤᠮᠳᠠ ᠥᠨᠳᠦᠷᠯᠢᠭ ᠤᠨ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ᠂ ᠳᠠᠶᠢᠨ ᠤ ᠰᠢᠷᠬ᠎ᠠ ᠶᠢᠨ ᠠᠨᠠᠭᠠᠬᠤ ᠤᠬᠠᠭᠠᠨ᠂ ᠰᠢᠲᠠᠭᠳᠠᠭᠰᠠᠨ ᠰᠢᠷᠬ᠎ᠠ ᠶᠢᠨ ᠠᠨᠠᠭᠠᠬᠤ ᠤᠬᠠᠭᠠᠨ ᠵᠡᠷᠭᠡ ᠢᠯᠡ ᠲᠣᠳᠣ ᠣᠨᠴᠠᠯᠢᠭ ᠪᠠ ᠳᠠᠪᠠᠭᠤᠯᠢᠭ ᠢ ᠪᠣᠢ ᠪᠣᠯᠭᠠᠪᠠ᠃ 2017 ᠣᠨ ᠳᠤ ᠲᠣᠬᠢᠷᠠᠭᠤᠯᠤᠯᠲᠠ ᠬᠢᠵᠦ ᠪᠠᠶᠢᠭᠤᠯᠤᠭᠰᠠᠨ ᠠᠴᠠ ᠨᠠᠰᠢ᠂ ᠶᠡᠭᠡ ᠰᠤᠷᠭᠠᠭᠤᠯᠢ ᠴᠡᠷᠢᠭ ᠡᠯᠰᠡᠬᠦ ᠪᠠᠷ ᠪᠠᠶᠢᠯᠳᠤᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠂ ᠴᠡᠷᠢᠭ ᠤᠨ ᠶᠠᠪᠤᠳᠠᠯ ᠤᠨ ᠲᠡᠮᠡᠴᠡᠯ ᠤᠨ ᠡᠷᠡᠭᠦᠯ ᠬᠠᠮᠠᠭᠠᠯᠠᠯ ᠦᠢᠯᠡᠴᠢᠯᠡᠭᠡᠨ ᠤ ᠪᠠᠲᠤᠯᠠᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠤᠲᠠᠯᠠᠪᠠ᠃    ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠣᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃    ᠰᠢ ᠶᠢᠨ ᠫᠢᠩ᠂ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠪᠣᠯ ᠮᠠᠨ ᠤ ᠴᠡᠷᠢᠭ ᠤᠨ ᠠᠨᠠᠭᠠᠬᠤ ᠤᠬᠠᠭᠠᠨ ᠤ ᠲᠥᠷᠥᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠮᠥᠨ᠂ ᠪᠦᠬᠦ ᠴᠡᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠴᠦᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ᠂ ᠳᠠᠶᠢᠨ ᠤ ᠲᠥᠯᠥᠭᠡ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠷᠠᠯ ᠴᠢᠳᠠᠪᠤᠷᠢ ᠶᠢ ᠬᠤᠣᠰᠯᠠᠭᠤᠯᠤᠭᠰᠠᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠤᠨ ᠡᠮᠴᠢ ᠶᠢ ᠬᠥᠮᠦᠵᠢᠭᠦᠯᠬᠦ ᠬᠡᠷᠡᠭᠲᠡᠢ᠃ ᠣᠨᠴᠠᠯᠢᠭᠲᠤ ᠠᠨᠠᠭᠠᠬᠤ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠵᠦ᠂ ᠬᠥᠭᠵᠢᠯᠲᠡ ᠶᠢᠨ ᠡᠮᠦᠨ᠎ᠡ ᠹᠷᠣᠨᠲ ᠢ ᠵᠠᠪᠳᠤᠨ ᠡᠵᠡᠯᠡᠵᠦ᠂ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠨᠣᠶᠠᠨ ᠣᠷᠭᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ᠃ ᠡᠷᠡᠭᠦᠯ ᠬᠠᠮᠠᠭᠠᠯᠠᠯ ᠦᠢᠯᠡᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠳᠤ ᠬᠦᠴᠦᠲᠡᠢ ᠦᠢᠯᠡᠴᠢᠯᠡᠵᠦ᠂ ᠳᠠᠷᠤᠭ᠎ᠠ ᠪᠠᠶᠢᠯᠳᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠦᠢᠯᠡᠴᠢᠯᠡᠬᠦ ᠬᠡᠷᠡᠭᠲᠡᠢ᠃    ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠭᠡ ᠰᠤᠷᠭᠠᠭᠤᠯᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯᠲᠡᠢ ᠪᠠ ᠠᠷᠢᠭᠤᠨ ᠴᠡᠪᠡᠷ ᠪᠠᠬᠢᠵᠢᠬᠦ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠰᠤᠷᠭᠠᠭᠤᠯᠢ ᠶᠢ ᠵᠠᠰᠠᠬᠤ᠂ ᠰᠤᠷᠭᠠᠭᠤᠯᠢ ᠶᠢ ᠴᠢᠩᠭ᠎ᠠ ᠵᠠᠰᠠᠬᠤ ᠶᠢ ᠴᠢᠩᠭ᠎ᠠ ᠠᠳᠬᠤᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠳᠠᠯᠠᠵᠤ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠲᠤᠷ ᠬᠢᠵᠦ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢ ᠠᠵᠢᠯᠲᠠᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃    ᠾᠧ ᠸᠧᠢ ᠳ᠋ᠦᠩ ᠨᠡᠷ ᠠᠵᠢᠯᠯᠠᠭ᠎ᠠ ᠳᠤ ᠣᠷᠣᠯᠴᠠᠵᠠᠢ᠃   
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号