ᠰᠢᠨᠬᠤᠸᠠ ᠬᠤᠷᠢᠶᠠᠨ ᠤ ᠭᠦᠢᠶᠠᠩ ᠤᠨ 4 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 24 ᠤ ᠡᠳᠦᠷ ᠭᠦᠢᠵᠧᠦ ᠳᠤ ᠪᠠᠶᠢᠴᠠᠭᠠᠨ | ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠠᠵᠢᠯ ᠤᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠳᠣᠲᠣᠭᠠᠳᠤ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠯᠠᠪᠳᠠᠭᠤᠨ ᠪᠠᠲᠤᠲᠠᠢ ᠪᠦᠲᠦᠮᠵᠢᠲᠡᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠤ ᠠᠮᠢᠳᠤᠷᠠᠯ ᠢ ᠵᠢᠯ ᠠᠴᠠ ᠵᠢᠯ ᠨᠡᠩ ᠰᠠᠶᠢᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | ᠺᠠᠢ ᠯᠢ ᠬᠤᠲᠠ ᠶᠢᠨ ᠪᠠᠢ ᠭᠦᠸᠧ ᠵᠢᠩ ᠵᠡᠭᠡᠯᠢ ᠭᠤᠳᠤᠮᠵᠢ ᠶᠢᠨ ᠰᠧ ᠶᠤᠸᠠᠨ ᠨᠡᠶᠢᠭᠡᠮ ᠲᠣᠭᠤᠷᠢᠭ 3000 ᠰᠢᠬᠠᠮ | ᠣᠨᠳᠣᠣ ᠭᠠᠵᠠᠷ ᠨᠡᠭᠦᠭᠰᠡᠨ ᠣᠯᠠᠨ ᠲᠦᠮᠡᠨ ᠰᠠᠭᠤᠵᠤ ᠪᠠᠶᠢᠨ᠎ᠠ᠃ ᠯᠢ ᠴᠢᠶᠠᠩ ᠠᠳᠡ ᠢᠷᠡᠵᠦ᠂ ᠲᠥᠪᠬᠢᠨᠡᠭᠦᠯᠬᠦ ᠴᠡᠭ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠭᠡᠷ᠂ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ ᠦᠢᠯᠡᠳᠪᠦᠷᠢ ᠶᠢᠨ ᠲᠠᠰᠤᠭ ᠲᠤ ᠨᠡᠭᠦᠭᠰᠡᠨ ᠣᠯᠠᠨ ᠲᠦᠮᠡᠨ ᠤ ᠠᠵᠢᠯ ᠣᠯᠭᠤᠯᠲᠠ᠂ ᠠᠮᠢᠳᠤᠷᠠᠯ ᠵᠡᠷᠭᠡ | ᠪᠠᠶᠢᠳᠠᠯ ᠢ ᠯᠠᠪᠯᠠᠨ ᠠᠰᠠᠭᠤᠵᠤ᠂ ᠲᠤᠬᠠᠢ ᠶᠢᠨ ᠭᠠᠵᠠᠷ ᠤᠨ ᠨᠡᠭᠦᠯᠭᠡᠭᠰᠡᠨ ᠣᠯᠠᠨ ᠲᠦᠮᠡᠨ ᠤ ᠣᠷᠣᠨ ᠰᠠᠭᠤᠴᠠ᠂ ᠡᠮᠨᠡᠭᠦᠯᠬᠦ | ᠂ ᠨᠢᠯᠬ᠎ᠠ ᠬᠡᠦᠬᠡᠳ ᠢ ᠰᠠᠭᠠᠲᠠᠭᠤᠯᠬᠤ ᠵᠡᠷᠭᠡ ᠬᠤᠶᠢᠰᠢᠳᠠ ᠶᠢᠨ ᠵᠣᠪᠠᠨᠢᠯ ᠢ ᠢᠳᠡᠪᠬᠢᠲᠡᠢ ᠰᠢᠢᠳᠪᠦᠷᠢᠯᠡᠵᠦ᠂ ᠲᠡᠳᠡᠨ ᠢ | ᠬᠠᠪᠰᠤᠷᠤᠨ ᠰᠢᠨ᠎ᠡ ᠭᠡᠷ ᠣᠷᠣᠨ ᠳᠤ ᠠᠭᠤᠰᠤᠯᠴᠠᠭᠤᠯᠬᠤ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠯᠢ | ᠴᠢᠶᠠᠩ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠲᠦᠢᠯ ᠢᠶᠠᠷ | ᠬᠠᠯᠠᠮᠵᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠲᠤᠬᠠᠢ ᠠᠯᠢ ᠣᠯᠠᠨ ᠴᠢᠬᠤᠯᠠ ᠵᠢᠭᠠᠪᠤᠷᠢ ᠥᠭᠴᠡᠢ᠃ ᠪᠢᠳᠡ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠢᠷᠭᠠᠭᠤ ᠬᠠᠲᠠᠭᠤᠵᠢᠯᠲᠠᠢ | ᠴᠢᠷᠮᠠᠶᠢᠯᠭ᠎ᠠ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠳᠤ ᠪᠠᠰᠠ ᠦᠷᠭᠦᠯᠵᠢᠯᠡᠨ ᠲᠡᠮᠡᠴᠡᠬᠦ ᠴᠢᠬᠤᠯᠠᠲᠠᠢ ᠪᠠᠶᠢᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠢᠯ ᠤᠨ ᠡᠷᠴᠢᠮ ᠢ ᠪᠠᠲᠤᠯᠠᠵᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ | ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠤᠰ ᠭᠠᠵᠠᠷ ᠤᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠥᠷᠭᠡᠳᠬᠡᠬᠦ ᠪᠠ ᠣᠨᠳᠣᠣ ᠭᠠᠵᠠᠷ ᠲᠤ ᠠᠵᠢᠯ ᠣᠯᠭᠤᠬᠤ ᠦᠢᠯᠡᠴᠢᠯᠡᠭᠡ ᠶᠢ | ᠴᠢᠩᠭᠠᠳᠬᠠᠬᠤ ᠪᠠᠷ ᠳᠠᠮᠵᠢᠭᠤᠯᠤᠨ᠂ ᠨᠡᠭᠦᠯᠭᠡᠭᠰᠡᠨ ᠣᠯᠠᠨ ᠲᠦᠮᠡᠨ ᠢ ᠲᠣᠭᠲᠠᠭᠤᠨ ᠪᠠᠶᠢᠯᠭᠠᠬᠤ᠂ ᠠᠵᠢᠯ ᠣᠯᠬᠤ᠂ | ᠪᠠᠶᠠᠵᠢᠭᠤᠯᠵᠤ ᠳᠡᠶᠢᠯᠬᠦ ᠪᠣᠯᠭᠠᠬᠤ ᠬᠡᠷᠡᠭᠲᠡᠢ᠃ | | | ᠮᠠ ᠵᠢᠶᠠᠩ ᠰᠢᠶᠠᠨ ᠤ ᠯᠠᠨ ᠮᠧᠩ ᠭᠦ᠋ ᠠᠮᠢ ᠠᠬᠤᠢ ᠶᠢᠨ ᠬᠥᠬᠡ ᠭᠦᠵᠡᠯᠵᠡᠭᠡᠨ᠎ᠡ ᠶᠢᠨ ᠠᠵᠤ ᠦᠢᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠳᠤ᠂ ᠯᠢ ᠴᠢᠶᠠᠩ ᠦᠢᠯᠡᠳᠪᠦᠷᠢᠯᠡᠯ ᠤᠨ ᠲᠠᠰᠤᠭ ᠪᠣᠯᠤᠨ ᠦᠢᠯᠡᠳᠬᠦᠨ ᠤ ᠦᠵᠡᠭᠦᠯᠭᠡ ᠶᠢ | ᠪᠠᠶᠢᠴᠠᠭᠠᠨ ᠦᠵᠡᠵᠦ᠂ ᠲᠠᠷᠢᠶᠠᠨ ᠭᠠᠵᠠᠷ ᠲᠤ ᠬᠦᠷᠴᠦ ᠠᠵᠢᠯᠯᠠᠵᠤ ᠪᠠᠶᠢᠭ᠎ᠠ ᠲᠠᠷᠢᠮᠠᠯ ᠤᠨ ᠬᠥᠮᠦᠰ ᠲᠠᠢ ᠶᠠᠷᠢᠯᠴᠠᠵᠤ᠂ | ᠪᠥᠬᠦ ᠰᠢᠶᠠᠨ ᠤ ᠬᠥᠬᠡ ᠭᠦᠵᠡᠯᠵᠡᠭᠡᠨ᠎ᠡ ᠶᠢᠨ ᠠᠵᠤ ᠦᠢᠯᠡᠰ ᠤᠨ ᠬᠥᠭᠵᠢᠯᠲᠡ ᠪᠠᠷ ᠲᠠᠷᠢᠶᠠᠯᠠᠩ ᠵᠤᠭᠠᠴᠠᠯ ᠤᠨ | ᠠᠭᠤᠰᠤᠯᠴᠠᠯ ᠢ ᠲᠠᠶᠢᠴᠢᠯᠠᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠲᠠᠢ ᠵᠢᠶᠠᠩ ᠰᠢᠶᠠᠨ ᠤ ᠲᠠᠢ ᠬᠦᠩ ᠵᠡᠭᠡᠯᠢ | ᠭᠤᠳᠤᠮᠵᠢ ᠶᠢᠨ ᠬᠤᠩ ᠶᠠᠩ ᠲᠣᠰᠬᠤᠨ ᠳᠤ᠂ ᠯᠢ ᠴᠢᠶᠠᠩ ︽ᠲᠣᠰᠬᠤᠨ ᠤ BA︾ ᠶᠢᠨ ᠰᠢᠭᠤᠳ ᠨᠡᠪᠲᠡᠷᠡᠭᠦᠯᠭᠡ ᠶᠢ | ᠦᠵᠡᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠬᠥᠳᠡᠭᠡ ᠲᠣᠰᠬᠤᠨ ᠤ ᠪᠡᠶ᠎ᠡ ᠶᠢᠨ | ᠲᠠᠮᠢᠷ ᠤᠨ ᠠᠵᠤ ᠦᠢᠯᠡᠰ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢ ᠰᠤᠷᠪᠤᠯᠵᠢᠯᠠᠪᠠ᠃ ᠯᠢ ᠴᠢᠶᠠᠩ | ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠲᠦᠰᠢᠭᠯᠡᠨ ᠣᠨᠴᠠᠯᠢᠭᠲᠤ ᠠᠵᠤ ᠦᠢᠯᠡᠰ ᠢ ᠪᠤᠶᠢᠵᠢᠭᠤᠯᠵᠤ᠂ ᠣᠯᠠᠨ | ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠠᠷᠭ᠎ᠠ ᠬᠢᠳᠡᠯ ᠢ ᠭᠦᠢᠴᠡᠳ ᠨᠤᠲᠠᠯᠠᠪᠠ᠃ ᠲᠡᠷᠡ᠂ ᠨᠢᠭᠡ | ᠦᠢᠯᠡᠰ ᠬᠥᠭᠵᠢᠨ ᠮᠠᠨᠳᠤᠬᠤ ᠨᠢ ᠠᠯᠢᠪᠠ ᠦᠢᠯᠡᠰ ᠢ ᠠᠪᠴᠢᠷᠠᠬᠤ ᠪᠣᠯᠤᠨ᠎ᠠ ᠭᠡᠵᠦ ᠵᠢᠭᠠᠵᠤ ᠭᠠᠷᠭᠠᠪᠠ᠃ ᠭᠠᠵᠠᠷ ᠣᠷᠣᠨ ᠤ | ᠳᠠᠪᠠᠭᠤᠯᠢᠭ ᠳᠠᠭᠠᠨ ᠰᠠᠭᠤᠷᠢᠯᠠᠵᠤ᠂ ᠬᠥᠭᠵᠢᠯᠲᠡ ᠶᠢᠨ ᠰᠡᠳᠬᠢᠴᠡ ᠪᠠᠨ ᠨᠡᠭᠡᠭᠡᠵᠦ᠂ ᠨᠡᠩ ᠣᠯᠠᠨ ᠠᠯᠲᠠᠨ ᠠᠷᠭ᠎ᠠ | ᠪᠣᠳᠣᠯᠭ᠎ᠠ ᠪᠠᠷ ᠰᠡᠯᠡᠭᠦᠴᠡᠯ ᠵᠤᠭᠠᠴᠠᠯ᠂ ᠣᠯᠠᠨ ᠲᠦᠮᠡᠨ ᠤ ᠪᠡᠶ᠎ᠡ ᠶᠢᠨ ᠲᠠᠮᠢᠷ᠂ ᠠᠷᠠᠳ ᠤᠨ ᠵᠠᠩ ᠦᠢᠯᠡ ᠶᠢᠨ ᠰᠣᠶᠣᠯ ᠤᠨ | ᠣᠶᠢᠯᠠᠭᠠᠯᠲᠠ ᠵᠡᠷᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ | ᠰᠢᠨ᠎ᠡ ᠭᠢᠯᠠᠰ ᠴᠡᠭ ᠢ ᠪᠣᠢ ᠪᠣᠯᠭᠠᠬᠤ ᠬᠡᠷᠡᠭᠲᠡᠢ᠃ ᠶᠠᠰᠤ ᠴᠢᠨᠠᠷ ᠢ ᠪᠣᠢ ᠪᠣᠯᠭᠠᠬᠤ ᠲᠦᠷᠦᠯ ᠲᠡᠮᠳᠡᠭ ᠢ ᠪᠣᠢ ᠪᠣᠯᠭᠠᠵᠤ᠂ | ᠲᠠᠷᠢᠶᠠᠯᠠᠩ ᠤᠨ ᠠᠵᠤ ᠦᠢᠯᠡᠰ ᠤᠨ ︽ᠵᠠᠯᠭᠠᠭ᠎ᠠ ᠵᠠᠯᠭᠠᠭ᠎ᠠ ᠪᠠᠷ︾ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠮᠡᠯᠲᠡ | ᠥᠷᠲᠡᠭ ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠢᠨ᠎ᠡ ᠶᠢ | ᠡᠭᠦᠳᠦᠨ ᠥᠷᠨᠢᠭᠦᠯᠵᠦ᠂ ᠲᠠᠷᠢᠶᠠᠴᠢᠨ ᠲᠦᠮᠡᠨ ᠢ ᠨᠡᠩ ᠣᠯᠠᠨ ᠣᠷᠣᠯᠭ᠎ᠠ ᠲᠠᠢ ᠪᠥᠭᠡᠳ ᠡᠯᠪᠡᠭ ᠪᠠᠶᠠᠯᠢᠭ ᠣᠶᠤᠨ ᠤ | ᠰᠣᠶᠣᠯ ᠤᠨ ᠠᠮᠢᠳᠤᠷᠠᠯ ᠲᠠᠢ ᠪᠣᠯᠭᠠᠬᠤ ᠬᠡᠷᠡᠭᠲᠡᠢ᠃ | ᠲᠠᠢ ᠵᠢᠶᠠᠩ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ᠂ ᠯᠢ ᠴᠢᠶᠠᠩ ᠴᠠᠢ ᠶᠢᠨ ᠤᠷᠠᠯᠢᠭ | ᠂ ᠠᠷᠢᠬᠢ ᠲᠣᠬᠢᠷᠠᠭᠤᠯᠬᠤ ᠪᠣᠳᠠᠲᠤ ᠪᠣᠯᠪᠠᠰᠤᠷᠠᠯ ᠤᠨ ᠲᠠᠰᠤᠭ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠯ ᠢ ᠣᠶᠢᠯᠠᠭᠠᠬᠤ ᠲᠥᠪ ᠢ ᠪᠠᠶᠢᠴᠠᠭᠠᠨ ᠦᠵᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ | ᠰᠠᠭᠤᠷᠢᠨ ᠭᠠᠵᠠᠷ ᠢ ᠲᠣᠭᠤᠷᠢᠨ ᠦᠵᠡᠵᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠵᠢᠴᠢ ᠰᠤᠷᠤᠭᠴᠢᠳ ᠤᠨ ᠠᠵᠢᠯ ᠣᠯᠭᠤᠯᠲᠠ ᠶᠢᠨ ᠪᠠᠶᠢᠳᠠᠯ ᠢ ᠣᠶᠢᠯᠠᠭᠠᠵᠤ᠂ ᠪᠠᠭᠰᠢ | ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠯᠢ ᠴᠢᠶᠠᠩ ᠵᠢᠭᠠᠵᠤ ᠭᠠᠷᠭᠠᠭᠰᠠᠨ ᠨᠢ᠂ ᠨᠢᠭᠡ ᠮᠡᠷᠭᠡᠵᠢᠯ ᠤᠨ | ᠴᠢᠳᠠᠪᠤᠷᠢ ᠲᠠᠢ ᠪᠠᠶᠢᠵᠤ᠂ ᠠᠵᠢᠯ ᠣᠯᠬᠤ ᠴᠢᠳᠠᠪᠤᠷᠢ ᠪᠠᠨ ᠳᠡᠭᠡᠭᠰᠢᠯᠡᠭᠦᠯᠬᠦ ᠪᠣᠯ ᠶᠠᠳᠠᠭᠤ ᠠᠴᠠ ᠠᠩᠭᠢᠵᠢᠷᠠᠭᠤᠯᠤᠨ | ᠪᠠᠶᠠᠵᠢᠭᠤᠯᠬᠤ ᠶᠢᠨ ᠵᠠᠩᠭᠢᠯᠠᠭ᠎ᠠ ᠮᠥᠨ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠶᠡᠭᠡ ᠪᠠᠷ | ᠠᠬᠢᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ | ᠲᠣᠭᠲᠠᠴᠠ ᠶᠢ ᠰᠠᠶᠢᠲᠤᠷ ᠠᠰᠢᠭᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ | ᠪᠣᠳᠠᠲᠠᠢ ᠪᠣᠯᠪᠠᠰᠤᠷᠠᠯ ᠤᠨ ᠠᠭᠤᠯᠭ᠎ᠠ ᠪᠠᠨ ᠴᠠᠭ ᠲᠤᠬᠠᠢ ᠳᠤᠨᠢ ᠰᠢᠨᠡᠳᠬᠡᠵᠦ᠂ ᠨᠡᠩ ᠣᠯᠠᠨ ᠤᠷ᠎ᠠ ᠴᠢᠳᠠᠪᠤᠷᠢ ᠶᠢᠨ | ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠲᠡᠳᠡᠨ ᠢ ᠥᠪᠡᠷ ᠤᠨ ᠡᠵᠡᠮᠰᠢᠭᠰᠡᠨ ᠴᠢᠳᠠᠪᠤᠷᠢ ᠪᠠᠷ ᠢᠶᠠᠨ ᠰᠢᠷᠭᠠᠭᠤ | ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠬᠡᠷᠡᠭᠲᠡᠢ᠃ | ᠯᠢ ᠴᠢᠶᠠᠩ ᠭᠦᠢᠵᠧᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠶᠢ ᠭᠦᠢᠴᠡᠳ ᠨᠤᠲᠠᠯᠠᠵᠤ᠂ | ᠭᠦᠢᠵᠧᠦ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠭᠦᠢᠵᠧᠦ ᠶᠢᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠳᠤ | ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ | ᠡᠦ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ |