ᠰᠢᠨᠬᠤᠸᠠ ᠬᠤᠷᠢᠶᠠᠨ ᠤ ᠴᠦᠩᠴᠢᠩ ᠤᠨ 4 ᠰᠠᠷ᠎ᠠ ᠶᠢᠨ 25 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠮᠧᠢ ᠴᠠᠩ | ᠸᠧᠢ︶ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 23 ᠤ ᠡᠳᠦᠷ ᠬᠠᠭᠤᠷᠠᠢ ᠵᠠᠮ ᠤᠨ ᠴᠡᠷᠢᠭ ᠤᠨ | ᠡᠮᠨᠡᠯᠭᠡ ᠶᠢᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠶᠢᠨ ᠤ ᠲᠠᠯᠠᠪᠤᠷ ᠲᠤ | ᠬᠠᠨᠳᠤᠭᠤᠯᠵᠤ᠂ ᠴᠡᠷᠢᠭ ᠠᠩᠭᠢ ᠳᠤ ᠬᠠᠨᠳᠤᠭᠤᠯᠵᠤ᠂ ᠢᠷᠡᠭᠡᠳᠦᠢ ᠳᠤ ᠬᠠᠨᠳᠤᠵᠤ᠂ ᠰᠤᠷᠭᠠᠭᠤᠯᠢ ᠡᠷᠬᠢᠯᠡᠵᠦ ᠬᠥᠮᠦᠨ ᠢ | ᠬᠥᠮᠦᠵᠢᠭᠦᠯᠬᠦ ᠲᠦᠪᠰᠢᠨ ᠪᠣᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢ ᠴᠢᠷᠮᠠᠶᠢᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠦᠳᠡ ᠶᠢᠨ ᠡᠮᠦᠨᠡᠬᠢ 9 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ | ᠡᠮᠨᠡᠯᠭᠡ ᠶᠢᠨ ᠶᠡᠭᠡ ᠰᠤᠷᠭᠠᠭᠤᠯᠢ ᠳᠤ ᠬᠦᠷᠴᠦ᠂ ᠡᠩ ᠲᠡᠷᠢᠭᠦᠨ ᠳᠤ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠤᠨ | ᠳᠠᠶᠢᠨ ᠤ ᠲᠠᠯᠠᠪᠤᠷ ᠤᠨ ᠡᠮᠴᠢᠯᠡᠭᠡᠨ ᠤ ᠠᠪᠤᠷᠠᠨ ᠵᠠᠰᠠᠬᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠳᠠᠯ ᠢ | ᠣᠶᠢᠯᠠᠭᠠᠵᠤ᠂ ᠳᠠᠶᠢᠨ ᠤ ᠰᠢᠷᠬ᠎ᠠ ᠶᠢᠨ ᠪᠠᠴᠢᠮ ᠠᠪᠤᠷᠠᠯᠲᠠ ᠶᠢᠨ ᠪᠠᠭᠠᠵᠢ ᠬᠡᠷᠡᠭᠰᠡᠯ ᠪᠣᠯᠤᠨ ᠰᠤᠷᠤᠭᠴᠢᠳ ᠤᠨ | ᠠᠵᠢᠯᠯᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ | ᠰᠤᠷᠭᠠᠭᠤᠯᠢ ᠨᠢ ᠢᠷᠠᠭᠤ ᠠᠯᠳᠠᠷᠲᠤ ᠲᠡᠦᠬᠡ ᠶᠢ ᠤᠯᠠᠮᠵᠢᠯᠠᠨ ᠵᠠᠯᠭᠠᠮᠵᠢᠯᠠᠵᠤ᠂ ᠤᠷᠲᠤ ᠬᠤᠭᠤᠴᠠᠭ᠎ᠠ ᠪᠠᠷ ᠰᠤᠷᠭᠠᠭᠤᠯᠢ | ᠡᠷᠬᠢᠯᠡᠬᠦ ᠦᠢᠯᠡᠳᠦᠯᠭᠡ ᠶᠢᠨ ᠳᠤᠮᠳᠠ ᠥᠨᠳᠦᠷᠯᠢᠭ ᠤᠨ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ᠂ ᠳᠠᠶᠢᠨ ᠤ | ᠰᠢᠷᠬ᠎ᠠ ᠶᠢᠨ ᠠᠨᠠᠭᠠᠬᠤ ᠤᠬᠠᠭᠠᠨ᠂ ᠰᠢᠲᠠᠭᠳᠠᠭᠰᠠᠨ ᠰᠢᠷᠬ᠎ᠠ ᠶᠢᠨ ᠠᠨᠠᠭᠠᠬᠤ ᠤᠬᠠᠭᠠᠨ ᠵᠡᠷᠭᠡ ᠢᠯᠡ ᠲᠣᠳᠣ ᠣᠨᠴᠠᠯᠢᠭ ᠪᠠ | ᠳᠠᠪᠠᠭᠤᠯᠢᠭ ᠢ ᠪᠣᠢ ᠪᠣᠯᠭᠠᠪᠠ᠃ 2017 ᠣᠨ ᠳᠤ ᠲᠣᠬᠢᠷᠠᠭᠤᠯᠤᠯᠲᠠ ᠬᠢᠵᠦ ᠪᠠᠶᠢᠭᠤᠯᠤᠭᠰᠠᠨ ᠠᠴᠠ ᠨᠠᠰᠢ᠂ ᠶᠡᠭᠡ | ᠰᠤᠷᠭᠠᠭᠤᠯᠢ ᠴᠡᠷᠢᠭ ᠡᠯᠰᠡᠬᠦ ᠪᠠᠷ ᠪᠠᠶᠢᠯᠳᠤᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠂ | ᠴᠡᠷᠢᠭ ᠤᠨ ᠶᠠᠪᠤᠳᠠᠯ ᠤᠨ ᠲᠡᠮᠡᠴᠡᠯ ᠤᠨ ᠡᠷᠡᠭᠦᠯ ᠬᠠᠮᠠᠭᠠᠯᠠᠯ ᠦᠢᠯᠡᠴᠢᠯᠡᠭᠡᠨ ᠤ ᠪᠠᠲᠤᠯᠠᠭ᠎ᠠ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠶᠢ | ᠠᠮᠵᠢᠯᠲᠠ ᠲᠠᠢ ᠪᠡᠶᠡᠯᠡᠭᠦᠯᠪᠡ᠃ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠤᠲᠠᠯᠠᠪᠠ᠃ | ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ | ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ | ᠣᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢ ᠶᠢᠨ ᠫᠢᠩ᠂ ᠬᠠᠭᠤᠷᠠᠢ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠪᠣᠯ ᠮᠠᠨ ᠤ ᠴᠡᠷᠢᠭ ᠤᠨ ᠠᠨᠠᠭᠠᠬᠤ | ᠤᠬᠠᠭᠠᠨ ᠤ ᠲᠥᠷᠥᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠮᠥᠨ᠂ ᠪᠦᠬᠦ ᠴᠡᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠴᠦᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠣᠰᠣ | ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ᠂ ᠳᠠᠶᠢᠨ ᠤ ᠲᠥᠯᠥᠭᠡ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠷᠠᠯ ᠴᠢᠳᠠᠪᠤᠷᠢ ᠶᠢ | ᠬᠤᠣᠰᠯᠠᠭᠤᠯᠤᠭᠰᠠᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠤᠨ ᠡᠮᠴᠢ ᠶᠢ ᠬᠥᠮᠦᠵᠢᠭᠦᠯᠬᠦ ᠬᠡᠷᠡᠭᠲᠡᠢ᠃ | ᠣᠨᠴᠠᠯᠢᠭᠲᠤ ᠠᠨᠠᠭᠠᠬᠤ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠯᠠᠮᠵᠢᠯᠠᠯᠲᠤ | ᠳᠠᠪᠠᠭᠤᠯᠢᠭ ᠢᠶᠠᠨ ᠪᠠᠬᠢᠵᠢᠭᠦᠯᠵᠦ᠂ ᠬᠥᠭᠵᠢᠯᠲᠡ ᠶᠢᠨ ᠡᠮᠦᠨ᠎ᠡ ᠹᠷᠣᠨᠲ ᠢ ᠵᠠᠪᠳᠤᠨ ᠡᠵᠡᠯᠡᠵᠦ᠂ ᠴᠡᠷᠢᠭ ᠤᠨ ᠶᠠᠪᠤᠳᠠᠯ ᠤᠨ | ᠠᠨᠠᠭᠠᠬᠤ ᠤᠬᠠᠭᠠᠨ ᠤ ᠨᠣᠶᠠᠨ ᠣᠷᠭᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ᠃ ᠡᠷᠡᠭᠦᠯ ᠬᠠᠮᠠᠭᠠᠯᠠᠯ ᠦᠢᠯᠡᠴᠢᠯᠡᠭᠡᠨ ᠤ | ᠪᠠᠲᠤᠯᠠᠭ᠎ᠠ ᠶᠢᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠭᠢ ᠶᠢᠨ ᠳᠠᠶᠢᠴᠢᠨ | ᠬᠦᠴᠦᠨ ᠳᠤ ᠬᠦᠴᠦᠲᠡᠢ ᠦᠢᠯᠡᠴᠢᠯᠡᠵᠦ᠂ ᠳᠠᠷᠤᠭ᠎ᠠ ᠪᠠᠶᠢᠯᠳᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ | ᠦᠢᠯᠡᠴᠢᠯᠡᠬᠦ ᠬᠡᠷᠡᠭᠲᠡᠢ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ | ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠰᠠᠶᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠴᠡᠭᠴᠡᠯᠡᠨ ᠵᠠᠰᠠᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠶᠡᠭᠡ ᠰᠤᠷᠭᠠᠭᠤᠯᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯᠲᠡᠢ ᠪᠠ | ᠠᠷᠢᠭᠤᠨ ᠴᠡᠪᠡᠷ ᠪᠠᠬᠢᠵᠢᠬᠦ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠰᠤᠷᠭᠠᠭᠤᠯᠢ ᠶᠢ ᠵᠠᠰᠠᠬᠤ᠂ ᠰᠤᠷᠭᠠᠭᠤᠯᠢ ᠶᠢ ᠴᠢᠩᠭ᠎ᠠ | ᠵᠠᠰᠠᠬᠤ ᠶᠢ ᠴᠢᠩᠭ᠎ᠠ ᠠᠳᠬᠤᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠳᠠᠯᠠᠵᠤ᠂ ᠦᠨᠳᠦᠰᠦᠨ ᠱᠠᠲᠤ ᠶᠢ | ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠲᠤᠷ ᠬᠢᠵᠦ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢ ᠠᠵᠢᠯᠲᠠᠨ ᠤ | ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ | ᠾᠧ ᠸᠧᠢ ᠳ᠋ᠦᠩ ᠨᠡᠷ ᠠᠵᠢᠯᠯᠠᠭ᠎ᠠ ᠳᠤ ᠣᠷᠣᠯᠴᠠᠵᠠᠢ᠃ | |