ᠬᠤᠶᠠᠷᠰᠤᠮᠤ ᠪᠠᠯᠭᠠᠰᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠥᠪᠯᠡᠷᠡᠩᠭᠦᠢ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/26
   ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠨᠡᠶᠢᠲᠡᠯᠢᠭ ᠬᠡᠯᠡ ᠶᠢ ᠪᠣᠯᠪᠠᠰᠤᠷᠠᠩᠭᠤᠢ ᠡᠵᠡᠮᠰᠢᠬᠦ ᠪᠠ ᠬᠡᠷᠡᠭᠯᠡᠬᠦ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠶᠠᠷᠰᠤᠮᠤ ᠪᠠᠯᠭᠠᠰᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠥᠪᠯᠡᠷᠡᠩᠭᠦᠢ ᠪᠣᠯᠪᠠᠰᠤᠷᠠᠭᠤᠯᠤᠯ ᠥᠷᠨᠢᠭᠦᠯᠪᠡ᠃    ᠪᠣᠯᠪᠠᠰᠤᠷᠠᠭᠤᠯᠤᠯ ᠨᠢ ᠸᠢᠳᠢᠣ᠋ ᠶᠢᠨ ᠪᠢᠴᠢᠯ ᠬᠢᠴᠢᠶᠡᠯ ᠪᠠ ᠲᠤᠷᠰᠢᠯᠭ᠎ᠠ ᠪᠠᠨ ᠰᠣᠯᠢᠯᠴᠠᠨ ᠬᠤᠪᠢᠶᠠᠯᠴᠠᠬᠤ ᠵᠠᠭᠪᠤᠷ ᠢᠶᠠᠷ ᠥᠷᠨᠢᠭᠦᠯᠵᠦ᠂ ᠨᠡᠶᠢᠲᠡᠯᠢᠭ ᠬᠡᠯᠡ ᠶᠢᠨ ᠠᠪᠢᠶᠠᠯᠠᠬᠤ ᠠᠷᠭ᠎ᠠ᠂ ᠭᠠᠭᠴᠠ ᠠᠪᠢᠶᠠᠨ ᠤ ᠦᠶ᠎ᠡ ᠶᠢᠨ ᠦᠭᠡ ᠬᠡᠯᠡ ᠪᠠ ᠬᠤᠣᠰ ᠠᠪᠢᠶᠠᠨ ᠤ ᠦᠶ᠎ᠡ ᠶᠢᠨ ᠦᠭᠡ ᠬᠡᠯᠡᠯᠭᠡ ᠶᠢᠨ ᠤᠷᠠᠨ ᠤᠩᠰᠢᠯᠭ᠎ᠠ ᠶᠢᠨ ᠤᠷ᠎ᠠ ᠮᠡᠷᠭᠡᠵᠢᠯ ᠠᠴᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠦᠷᠴᠦ ︽ᠭᠡᠦᠭᠡᠨᠴᠢᠯᠡᠭᠰᠡᠨ ᠠᠪᠢᠶ᠎ᠠ︾᠂ ︽ᠬᠡᠯᠡᠨ ᠤ ᠦᠵᠦᠭᠦᠷ ᠤᠨ ᠡᠮᠦᠨᠡᠬᠢ ᠠᠪᠢᠶ᠎ᠠ ᠪᠠ ᠬᠡᠯᠡᠨ ᠤ ᠦᠵᠦᠭᠦᠷ ᠤᠨ ᠠᠷᠤ ᠶᠢᠨ ᠠᠪᠢᠶ᠎ᠠ︾ ᠵᠡᠷᠭᠡ ᠣᠨᠴᠠᠭᠠᠢ ᠠᠰᠠᠭᠤᠳᠠᠯ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠪᠠᠷ ᠰᠤᠷᠤᠯᠴᠠᠪᠠ᠃ ᠡᠭᠦᠨ ᠤ ᠬᠠᠮᠲᠤ᠂ ᠨᠡᠶᠢᠲᠡᠯᠢᠭ ᠬᠡᠯᠡᠨ ᠤ ᠬᠤᠶᠠᠳᠤᠭᠠᠷ ᠳᠡᠰ ᠤᠨ ᠬᠥᠬᠡ ᠲᠠᠰ ᠤᠨ ᠦᠨᠡᠮᠯᠡᠯ ᠣᠯᠤᠭᠰᠠᠨ ᠰᠠᠶᠢᠨ ᠳᠤᠷᠠᠴᠤᠳ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠢᠳᠡᠪᠬᠢᠲᠡᠢ ᠬᠤᠪᠢᠶᠠᠯᠴᠠᠵᠤ᠂ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠦᠨ ᠤᠶᠠᠩᠭᠠᠯᠠᠨ ᠤᠩᠰᠢᠵᠤ᠂ ᠲᠤᠬᠠᠢ ᠶᠢᠨ ᠲᠠᠯᠠᠪᠤᠷ ᠲᠤ ᠬᠠᠷᠢᠯᠴᠠᠨ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠺᠠᠳ᠋ᠷ ᠠᠵᠢᠯᠲᠠᠨ ᠠᠵᠢᠯᠴᠢᠨ ᠢ ᠰᠤᠷᠤᠯᠴᠠᠭᠤᠯᠵᠤ᠂ ᠲᠤᠰ ᠪᠡᠶ᠎ᠡ ᠶᠢᠨ ᠨᠡᠶᠢᠲᠡᠯᠢᠭ ᠬᠡᠯᠡᠨ ᠤ ᠬᠢᠷᠢ ᠲᠦᠪᠰᠢᠨ ᠢᠶᠠᠨ ᠲᠦᠷᠭᠡᠨ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠬᠤᠶᠠᠷᠰᠤᠮᠤ ᠪᠠᠯᠭᠠᠰᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠠᠮᠢᠳᠤᠷᠠᠯ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ ᠪᠣᠯᠤᠨ ᠮᠠᠯᠴᠢᠨ ᠲᠠᠷᠢᠶᠠᠴᠢᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠪᠣᠯᠪᠠᠰᠤᠷᠠᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号