ᠰᠢᠨ᠎ᠡ ᠬᠡᠪ ᠰᠤᠷᠲᠠᠯ ᠢ ᠪᠣᠢ ᠪᠣᠯᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/26
   ᠪᠣᠯᠪᠠᠰᠤᠨ ᠤ ᠪᠠᠶᠢᠭᠤᠯᠤᠯᠲᠠ ᠪᠣᠯ ︽ᠰᠦᠭ ᠰᠦᠨᠡᠰᠦ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ︽ᠦᠨᠳᠦᠰᠦ︾ ᠮᠥᠨ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠶᠢᠵᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠭᠤᠣᠯ ᠤᠨ ᠪᠠᠶᠢᠰᠢᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠢᠳᠡᠪᠬᠢᠲᠡᠢ ᠵᠣᠬᠢᠶᠠᠨ ᠪᠠᠶᠢᠭᠤᠯᠵᠤ ︽ᠤᠯᠠᠭᠠᠨ ᠪᠣᠷᠣ ᠬᠠᠷ᠎ᠠ ᠰᠠᠮᠪᠠᠷ᠎ᠠ︾᠎ ᠶᠢ ᠦᠨᠡᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠰᠦᠭ ᠰᠦᠨᠡᠰᠦ ᠶᠢ ᠱᠤᠭᠤᠵᠤ ᠦᠨᠳᠦᠰᠦ ᠶᠢ ᠬᠦᠴᠦᠷᠬᠡᠭᠵᠢᠭᠦᠯᠬᠦ︾ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭᠠᠨ ᠤ ︽ᠬᠤᠶᠠᠷ ᠵᠥᠪᠯᠡᠯ︾᠎ ᠤᠨ ᠪᠠᠭ ᠤᠨ ᠪᠦᠷᠢᠯᠳᠦᠬᠦᠨ᠂ ︽ᠳᠥᠷᠪᠡᠨ ᠬᠤᠷᠠᠯ︾ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠤᠨ ᠲᠥᠯᠥᠭᠡᠯᠡᠭᠴᠢ ᠵᠡᠷᠭᠡ ᠬᠠᠮᠲᠤᠯᠢᠭ ᠢᠶᠠᠷ ᠪᠦᠷᠢᠯᠳᠦᠭᠰᠡᠨ ︽ᠤᠯᠠᠭᠠᠨ ᠪᠣᠷᠣ ᠬᠠᠷ᠎ᠠ ᠰᠠᠮᠪᠠᠷ᠎ᠠ︾᠎ ᠶᠢ ᠦᠨᠡᠯᠡᠨ ᠶᠠᠷᠢᠯᠴᠠᠬᠤ ᠠᠵᠢᠯ ᠤᠨ ᠳᠤᠭᠤᠶᠢᠯᠠᠩ ᠡᠷᠦᠬᠡ ᠳᠠᠷᠠᠭᠠᠯᠠᠨ ᠦᠨᠡᠯᠡᠬᠦ᠂ ᠶᠣᠰᠣ ᠮᠣᠷᠠᠯ ᠢᠶᠠᠷ ᠦᠨᠡᠯᠡᠬᠦ᠂ ᠬᠢᠨᠠᠨ ᠶᠠᠷᠢᠯᠴᠠᠵᠤ ᠢᠯᠡ ᠨᠡᠶᠢᠲᠡᠯᠡᠬᠦ᠂ ᠵᠠᠷ ᠨᠠᠭᠠᠵᠤ ᠨᠡᠶᠢᠲᠡᠯᠡᠬᠦ ᠳᠥᠷᠪᠡᠨ ᠭᠤᠭᠴᠤᠭ᠎ᠠ ᠪᠠᠷ ᠳᠠᠮᠵᠢᠭᠤᠯᠤᠨ ᠬᠠᠷᠢᠶᠠᠲᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠲᠤ ᠰᠢᠰᠲ᠋ᠧᠮ ᠲᠠᠢ ᠦᠨᠡᠯᠡᠯᠲᠡ ᠬᠢᠵᠡᠢ᠃ ᠡᠭᠦᠨ ᠤ ᠬᠠᠮᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠤᠬᠠᠭᠤᠯᠭ᠎ᠠ ᠶᠢᠨ ᠵᠠᠭᠪᠤᠷ ᠢ ᠭᠦᠢᠴᠡᠳ ᠬᠡᠷᠡᠭᠯᠡᠨ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠡᠷᠦᠬᠡ ᠳᠤ ᠣᠷᠣᠵᠤ ᠤᠬᠠᠭᠤᠯᠬᠤ᠂ ᠸᠢᠴᠠᠲ ᠤᠨ ᠬᠤᠯᠪᠣᠭ᠎ᠠ ᠪᠠᠷ ᠳᠠᠮᠵᠢᠭᠤᠯᠤᠨ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠤᠯᠠᠭᠠᠨ ᠪᠣᠷᠣ ᠬᠠᠷᠠᠭ᠎ᠠ︾᠎ ᠶᠢᠨ ᠰᠠᠮᠪᠠᠷ᠎ᠠ ᠶᠢ ᠰᠢᠯᠭᠠᠷᠠᠭᠤᠯᠬᠤ ᠠᠵᠢᠯᠯᠠᠭ᠎ᠠ ᠶᠢᠨ ᠵᠣᠷᠢᠯᠭ᠎ᠠ᠂ ᠪᠠᠷᠢᠮᠵᠢᠶᠠᠲᠤ ᠳᠡᠰ ᠳᠠᠷᠠᠭᠠᠯᠠᠯ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠢᠴᠢ ᠲᠤᠰ ᠤᠯᠠᠷᠢᠯ ᠤᠨ ︽ᠤᠯᠠᠭᠠᠨ ᠰᠠᠮᠪᠠᠷ᠎ᠠ︾᠎ ᠶᠢᠨ ᠠᠵᠢᠯᠲᠠᠨ ᠤ ᠨᠡᠷᠡᠰ ᠵᠡᠷᠭᠡ ᠶᠢ ᠪᠦᠬᠦ ᠲᠠᠯ᠎ᠠ ᠪᠠᠷ ᠤᠬᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠶᠢ ᠦᠨᠡᠨ ᠬᠦ ᠪᠠᠲᠤᠯᠠᠵᠤ᠂ ᠦᠯᠢᠭᠡᠷ ᠳᠠᠭᠤᠷᠢᠶᠠᠯ ᠠᠴᠠ ᠰᠤᠷᠤᠯᠴᠠᠬᠤ᠂ ᠦᠯᠢᠭᠡᠷ ᠳᠠᠭᠤᠷᠢᠶᠠᠯ ᠲᠠᠢ ᠨᠢᠭᠡᠳᠦᠯᠲᠡᠢ ᠪᠠᠶᠢᠯᠭᠠᠬᠤ᠂ ᠬᠥᠮᠦᠨ ᠪᠦᠬᠦᠨ ᠳᠤ ︽ᠤᠯᠠᠭᠠᠨ ᠰᠠᠮᠪᠠᠷ᠎ᠠ︾᠎ ᠶᠢᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠪᠣᠯᠪᠠᠰᠤᠨ ᠤ ᠠᠭᠤᠷ ᠠᠮᠢᠰᠬᠤᠯ ᠢ ᠪᠣᠢ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ᠂ ᠥᠪᠡᠷ ᠢ ᠪᠠᠨ ᠬᠠᠮᠢᠶᠠᠷᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠨ᠎ᠡ᠃    ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠶᠣᠰᠣ ᠰᠤᠷᠲᠠᠬᠤᠨ ᠤ ᠦᠨᠡᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠡᠷᠢᠭᠦᠨ ᠤ ᠬᠢ ᠶᠢ ᠬᠥᠲᠥᠯᠥᠨ ᠵᠢᠯᠣᠭᠤᠳᠴᠤ ᠪᠠᠶᠢᠭᠠᠳ ᠦᠷᠭᠦᠯᠵᠢᠯᠡᠨ ᠪᠠᠲᠤᠯᠠᠵᠤ᠂ ᠬᠤᠴᠣᠷᠤᠩᠭᠤᠢ ᠶᠢ ᠱᠠᠯᠠᠪᠳᠠᠭᠤᠯᠵᠤ ᠪᠠᠶᠢᠭᠠᠳ ᠥᠪᠡᠷ ᠢ ᠪᠠᠨ ᠰᠢᠨᠡᠴᠢᠯᠡᠭᠦᠯᠵᠦ᠂ ᠪᠣᠯᠪᠠᠰᠤᠨ ᠨᠤᠲᠤᠭ ᠤᠨ ᠰᠤᠷᠲᠠᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号