ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠦᠴᠦᠨ ᠢ ᠨᠢᠭᠲᠠᠷᠠᠭᠤᠯᠵᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/26
   ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠶᠠᠩ ᠪᠠᠯᠭᠠᠰᠤᠨ ᠤ ᠳᠦᠷᠰᠦ ᠪᠠᠶᠢᠳᠠᠯ ᠢ ᠪᠤᠢ ᠪᠣᠯᠭᠠᠨ᠎ᠠ᠃ ᠣᠶᠢᠷ᠎ᠠ ᠳᠤ ᠂ ᠭᠤᠣᠯ ᠤᠨ ᠪᠠᠶᠢᠰᠢᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ 30 ᠭᠠᠷᠤᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠢᠳᠡᠪᠬᠢᠲᠡᠢ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠭᠦᠨᠵᠡᠭᠡᠶᠢᠷᠡᠪᠡ᠃ ᠲᠥᠯᠥᠭᠡᠯᠡᠭᠴᠢᠳ ᠪᠠᠯᠭᠠᠰᠤᠨ ᠤ ᠳᠣᠲᠣᠷᠠᠬᠢ ᠵᠠᠰᠠᠮᠠᠯ ᠵᠠᠮ ᠳᠠᠭᠠᠤ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠎ ᠤ ᠭᠤᠣᠯ ᠵᠠᠮ ᠤᠨ ᠪᠤᠵᠠᠷ ᠡᠪᠡᠰᠦ᠂ ᠡᠯᠳᠡᠪ ᠶᠠᠭᠤᠮ᠎ᠠ ᠵᠡᠷᠭᠡ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠢ ᠭᠤᠣᠯᠳᠠᠯᠭ᠎ᠠ ᠲᠠᠢ ᠪᠦᠬᠦ ᠲᠠᠯ᠎ᠠ ᠪᠠᠷ ᠴᠡᠪᠡᠷᠯᠡᠪᠡ᠃ ᠬᠡᠰᠡᠭ ᠣᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠪᠠᠭᠤᠷᠠᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢᠳ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠠᠰᠢᠭᠯᠠᠨ᠂ ᠰᠤᠷᠪᠤᠯᠵᠢᠯᠠᠨ ᠬᠠᠷᠢᠯᠴᠠᠬᠤ᠂ ᠸᠢᠴᠠᠲ ᠤᠨ ᠬᠤᠯᠪᠣᠭ᠎ᠠ ᠪᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠶᠢ ᠪᠦᠬᠦ ᠲᠠᠯ᠎ᠠ ᠪᠠᠷ᠂ ᠣᠯᠠᠨ ᠬᠡᠯᠪᠡᠷᠢ ᠪᠠᠷ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠬᠤ ᠵᠢᠴᠢ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠤᠷᠢᠶᠠᠯᠠᠪᠠ᠃    ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠲᠥᠯᠥᠭᠡᠯᠡᠭᠴᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号