ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/4/26
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠤᠯᠠᠮ ᠴᠢᠨᠠᠭᠰᠢᠳᠠ ᠳᠡᠯᠭᠡᠷᠡᠭᠦᠯᠦᠨ ᠲᠦᠭᠡᠮᠡᠯᠵᠢᠭᠦᠯᠵᠦ᠂ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠭᠤᠣᠯ ᠤᠨ ᠪᠠᠶᠢᠰᠢᠩ ᠪᠠᠯᠭᠠᠰᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃    ᠬᠤᠷᠠᠯ ᠳᠡᠭᠡᠷ᠎ᠡ᠂ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀᠎ ᠶᠢ ᠬᠡᠷᠡᠭᠵᠢᠭᠦᠯᠬᠦ ᠠᠷᠭ᠎ᠠ︾᠎ ᠶᠢ ᠳᠠᠭᠠᠭᠤᠯᠤᠨ ᠰᠤᠷᠤᠯᠴᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠤᠨ ᠵᠢᠱᠢᠶ᠎ᠡ ᠦᠵᠡᠭᠦᠯᠦᠭᠴᠢ᠂ ᠬᠢᠨᠠᠯᠲᠠ ᠲᠠᠯᠪᠢᠭᠴᠢ ᠪᠠ ᠳᠡᠯᠭᠡᠷᠡᠭᠦᠯᠦᠭᠴᠢ ᠪᠣᠯᠵᠣ᠂ ︽ᠦᠭᠡ ᠬᠡᠯᠡᠨ ᠤ ᠵᠢᠵᠢᠭ ᠬᠢᠴᠢᠶᠡᠯ ᠤᠨ ᠲᠠᠩᠬᠢᠮ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠭᠤ ᠸᠢᠳᠢᠣ᠋ ᠶᠢᠨ ᠰᠤᠷᠤᠯᠴᠠᠬᠤ ᠮᠠᠲ᠋ᠧᠷᠢᠶᠠᠯ ᠢ ᠠᠰᠢᠭᠯᠠᠨ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠨᠡᠩ ᠣᠯᠠᠨ ᠬᠥᠮᠦᠨ ᠢ ᠨᠥᠯᠥᠭᠡᠯᠡᠨ ᠳᠠᠶᠢᠴᠢᠯᠠᠵᠤ ᠨᠡᠶᠢᠲᠡᠯᠢᠭ ᠬᠡᠯᠡᠨ ᠤ ᠡᠩᠨᠡᠭᠡᠨ ᠳᠤ ᠣᠷᠣᠯᠴᠠᠭᠤᠯᠵᠤ᠂ ᠡᠯ᠎ᠡ ᠦᠨᠳᠦᠰᠦᠲᠡᠨ ᠤ ᠨᠡᠪᠲᠡᠷᠡᠯᠴᠡᠭᠡ ᠶᠢᠨ ᠦᠭᠡ ᠬᠡᠯᠡᠨ ᠤ ᠬᠥᠭᠦᠷᠭᠡ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠦᠭᠡ ᠬᠡᠯᠡᠨ ᠤ ᠨᠡᠪᠲᠡᠷᠡᠯᠴᠡᠭᠡ᠂ ᠣᠶᠤᠨ ᠰᠠᠨᠠᠭᠠᠨ ᠤ ᠨᠡᠪᠲᠡᠷᠡᠯᠴᠡᠭᠡ ᠶᠢ ᠠᠬᠢᠭᠤᠯᠵᠤ᠂ ᠨᠡᠶᠢᠲᠡᠯᠢᠭ ᠬᠡᠯᠡ ᠶᠢ ᠦᠨᠡᠨ ᠬᠦ ᠠᠵᠢᠯ ᠤᠨ ᠦᠭᠡ ᠬᠡᠯᠡ ᠪᠠ ᠡᠳᠦᠷ ᠲᠤᠲᠤᠮ ᠤᠨ ᠦᠭᠡ ᠬᠡᠯᠡ ᠪᠣᠯᠭᠠᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号