ᠣᠷᠴᠢᠨ ᠲᠣᠭᠤᠷᠢᠨ ᠢ ᠴᠡᠭᠴᠡᠯᠡᠨ ᠵᠠᠰᠠᠵᠤ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/4/26
    ᠬᠠᠪᠤᠷ ᠤᠨ ᠠᠭᠤᠷ ᠠᠮᠢᠰᠬᠤᠯ ᠰᠡᠷᠭᠦᠵᠦ ᠪᠠᠶᠢᠭ᠎ᠠ ᠲᠠᠰᠢᠷᠠᠮ ᠢᠶᠠᠷ᠂ ᠬᠠᠷᠢᠶ᠎ᠠ ᠣᠷᠣᠨ ᠤ ᠴᠡᠪᠡᠷ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠨᠠᠭᠰᠢᠳᠠ ᠪᠣᠢ ᠪᠣᠯᠭᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠂ ᠪᠠᠶᠠᠨᠬᠤᠰᠢᠭᠤ ᠪᠠᠯᠭᠠᠰᠤ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠵᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠠᠴᠠᠭᠠᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠲᠠᠢ ᠬᠠᠮᠲᠤᠷᠠᠨ ᠂ ᠨᠠᠮ ᠤᠨ ᠭᠡᠰᠢᠭᠦᠨ ᠣᠯᠠᠨ ᠲᠦᠮᠡᠨ ᠪᠠ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ ᠪᠠᠷ ᠠᠵᠢᠯ ᠤᠨ ᠳᠤᠭᠤᠶᠢᠯᠠᠩ ᠪᠠᠶᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠬᠤᠪᠢᠶᠠᠷᠢᠯᠠᠨ ᠬᠠᠮᠲᠤᠷᠠᠯᠴᠠᠵᠤ᠂ ᠭᠠᠴᠠᠭᠠᠨ ᠤ ᠭᠤᠣᠯ ᠪᠣᠯᠬᠤ ᠵᠠᠮ᠂ ᠭᠤᠣᠯ ᠤᠨ ᠭᠤᠯᠳᠤᠷᠢᠯ᠂ ᠠᠵᠢᠯᠯᠠᠭᠠᠨ ᠤ ᠲᠠᠯᠠᠪᠠᠢ ᠪᠠ ᠨᠣᠭᠤᠭᠠᠷᠠᠭᠤᠯᠤᠯᠲᠠ ᠶᠢᠨ ᠪᠦᠰᠡ ᠵᠡᠷᠭᠡ ᠲᠣᠰᠬᠤᠨ ᠤ ᠳᠣᠲᠣᠷᠠᠬᠢ ᠣᠯᠠᠨ ᠨᠡᠶᠢᠲᠡ ᠶᠢᠨ ᠣᠷᠣᠨ ᠪᠦᠰᠡ ᠳᠤ ᠪᠤᠢ ᠪᠣᠯᠤᠭᠰᠠᠨ ᠡᠯ᠎ᠡ ᠲᠥᠷᠥᠯ ᠤᠨ ᠬᠤᠭ ᠨᠣᠪᠰᠢ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠵᠤ᠂ ᠥᠨᠴᠥᠭ ᠪᠤᠯᠤᠩ ᠦᠭᠡᠢ ᠪᠠᠶᠢᠬᠤ ᠶᠢ ᠪᠠᠲᠤᠯᠠᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠪᠠᠳᠠᠷᠠᠭᠤᠯᠪᠠ᠃ ᠡᠭᠦᠨ ᠤ ᠬᠠᠮᠲᠤ᠂ ᠴᠡᠭᠴᠡᠯᠡᠨ ᠵᠠᠰᠠᠬᠤ ᠪᠠ ᠤᠬᠠᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠣᠯᠠᠨ ᠨᠡᠶᠢᠲᠡ ᠶᠢᠨ ᠳ᠋ᠤᠭᠠᠷ᠂ ᠪᠦᠷᠢᠶ᠎ᠡ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢ ᠠᠰᠢᠭᠯᠠᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ︽ᠡᠵᠡᠨ ᠬᠥᠮᠦᠨ︾᠎ ᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃    ᠪᠠᠶᠠᠨᠬᠤᠰᠢᠭᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠯ᠎ᠡ ᠭᠠᠴᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢᠳᠤᠷᠠᠯ ᠲᠠᠭᠠᠯᠠᠮᠵᠢᠲᠠᠢ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号