ᠦᠨᠡᠨᠴᠢ ᠢᠲᠡᠭᠡᠮᠵᠢᠲᠡᠢ ᠰᠣᠶᠣᠯ ᠢ ᠪᠠᠳᠠᠷᠠᠭᠤᠯᠤᠨ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ᠎ᠠ — ᠪᠠᠶᠠᠨᠬᠤᠰᠢᠭᠤ ᠪᠠᠯᠭᠠᠰᠤ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠭᠡᠷ ᠤᠨ ᠰᠤᠷᠲᠠᠯ ᠭᠡᠷ ᠤᠨ ᠰᠤᠷᠭᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/26
   ᠭᠡᠷ ᠤᠨ ᠰᠤᠷᠲᠠᠯ ᠪᠣᠯ ᠮᠠᠨ ᠤ ᠤᠯᠤᠰ ᠤᠨ ᠤᠯᠠᠮᠵᠢᠯᠠᠯᠲᠤ ᠰᠣᠶᠣᠯ ᠪᠠ ᠤᠯᠠᠮᠵᠢᠯᠠᠯᠲᠤ ᠰᠤᠷᠭᠠᠨ ᠬᠥᠮᠦᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠰᠠᠶᠢᠨ ᠭᠡᠷ ᠤᠨ ᠰᠤᠷᠲᠠᠯ ᠪᠣᠯ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ ᠴᠢᠬᠤᠯᠠ ᠬᠦᠴᠦᠨ ᠮᠥᠨ᠃ 4 ᠰᠠᠷ᠎ᠠ ᠶᠢᠨ 25᠎ ᠤ ᠡᠳᠦᠷ᠂ ᠪᠠᠶᠠᠨᠬᠤᠰᠢᠭᠤ ᠪᠠᠯᠭᠠᠰᠤ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠤᠯᠠᠮᠵᠢᠯᠠᠯᠲᠤ ᠭᠡᠷ ᠤᠨ ᠰᠤᠷᠲᠠᠯ ᠭᠡᠷ ᠤᠨ ᠰᠤᠷᠭᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃    ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠭᠡᠷ ᠤᠨ ᠰᠤᠷᠲᠠᠯ ᠢ ᠤᠬᠠᠭᠤᠯᠤᠨ ᠲᠠᠶᠢᠯᠪᠤᠷᠢᠯᠠᠭᠴᠢ ᠰᠢᠷᠭ᠎ᠠ ᠭᠠᠴᠠᠭ᠎ᠠ ᠳᠤ ᠢᠷᠡᠭᠰᠡᠨ ᠨᠢ ᠣᠯᠠᠨ ᠳᠤ 2024 ᠣᠨ ᠤ ᠨᠢᠭᠡᠳᠦᠭᠡᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠦᠨ ᠤ ᠰᠠᠮᠪᠠᠷ᠎ᠠ︾ ᠶᠤᠸᠡᠢ ᠴᠢᠶᠣᠤ ᠶᠦᠨ ᠤ ᠬᠥᠮᠦᠰ ᠤᠨ ᠦᠢᠯᠡ ᠠᠵᠢᠯᠯᠠᠭ᠎ᠠ ᠶᠢ ᠠᠪᠴᠢᠷᠠᠵᠤ᠂ ᠤᠬᠠᠭᠤᠯᠤᠨ ᠲᠠᠶᠢᠯᠪᠤᠷᠢᠯᠠᠭᠴᠢ ᠠᠴᠠ ᠣᠯᠠᠨ ᠳᠤ ︽ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠥᠮᠦᠨ︾᠎ ᠤᠨ ᠦᠨᠡᠨᠴᠢ ᠢᠲᠡᠭᠡᠮᠵᠢ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠮᠡᠳᠡᠯᠭᠡ ᠶᠢ ᠠᠰᠢᠭᠯᠠᠨ ᠵᠢᠮᠢᠰ ᠤᠨ ᠲᠠᠷᠢᠶᠠᠴᠢᠳ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠢᠨ᠎ᠡ ᠲᠠᠷᠢᠶᠠᠴᠢᠨ ᠤ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠭᠰᠠᠨ᠂ ᠢᠲᠡᠭᠡᠯ ᠢᠶᠠᠷ ᠦᠨᠳᠦᠰᠦ ᠪᠣᠯᠭᠠᠭᠰᠠᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠢ ᠭᠡᠵᠦ ᠲᠠᠨᠢᠯᠴᠠᠭᠤᠯᠪᠠ᠃    ᠠᠵᠢᠯᠯᠠᠭ᠎ᠠ ᠶᠢᠨ ᠳᠤᠮᠳᠠ᠂ ᠮᠠᠯᠴᠢᠨ ᠲᠠᠷᠢᠶᠠᠴᠢᠨ ᠲᠦᠮᠡᠨ ᠥᠪᠡᠷ ᠤᠨ ᠭᠡᠷ ᠤᠨ ᠰᠤᠷᠲᠠᠯ ᠭᠡᠷ ᠤᠨ ᠰᠤᠷᠭᠠᠯ᠂ ᠵᠢᠴᠢ ᠭᠡᠷ ᠤᠨ ᠰᠤᠷᠲᠠᠯ ᠭᠡᠷ ᠤᠨ ᠪᠣᠯᠪᠠᠰᠤᠷᠠᠯ ᠤᠨ ᠲᠤᠬᠠᠢ ᠣᠶᠢᠯᠠᠭᠠᠯᠲᠠ ᠪᠠ ᠲᠥᠷᠥᠭᠳᠡᠯ ᠢᠶᠠᠨ ᠬᠤᠪᠢᠶᠠᠯᠴᠠᠵᠤ᠂ ᠣᠯᠠᠨ ᠢᠶᠠᠷ ᠢᠶᠠᠨ ᠭᠡᠷ ᠪᠦᠯᠢ ᠶᠢᠨ ᠬᠥᠮᠦᠵᠢᠯ ᠤᠨ ᠨᠥᠯᠥᠭᠡ ᠪᠠ ᠦᠢᠯᠡᠳᠦᠯ ᠢ ᠨᠡᠩ ᠭᠦᠨᠵᠡᠭᠡᠢ ᠣᠶᠢᠯᠠᠭᠠᠪᠠ᠃ ᠲᠤᠰ ᠤᠳᠠᠭᠠᠨ ᠤ ᠠᠵᠢᠯᠯᠠᠭ᠎ᠠ ᠨᠢ ᠮᠠᠯᠴᠢᠨ ᠲᠠᠷᠢᠶᠠᠴᠢᠨ ᠲᠦᠮᠡᠨ ᠤ ᠭᠡᠷ ᠪᠦᠯᠢ ᠶᠢᠨ ᠰᠣᠶᠣᠯ ᠪᠠ ᠭᠡᠷ ᠪᠦᠯᠢ ᠶᠢᠨ ᠬᠥᠮᠦᠵᠢᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠶᠣᠰᠣ ᠰᠤᠷᠲᠠᠬᠤᠨ ᠤ ᠢᠲᠡᠭᠡᠮᠵᠢᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号