ᠤᠷᠠᠨ ᠭᠠᠷ ᠢᠶᠠᠷ ᠦᠢᠯᠡᠰ ᠪᠦᠳᠦᠬᠡᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/26
   ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠣᠨᠴᠠᠯᠢᠭᠲᠤ ᠭᠠᠷ ᠤᠷᠠᠯᠠᠯ ᠢ ᠰᠤᠷᠤᠯᠴᠠᠬᠤ ᠪᠠ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠭᠠᠴᠠᠭᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠡᠩ ᠰᠠᠶᠢᠨ ᠠᠵᠢᠯ ᠣᠯᠵᠤ ᠠᠳᠠᠯ ᠦᠢᠯᠡᠰ ᠴᠣᠭᠴᠠᠯᠠᠭᠤᠯᠤᠨ᠎ᠠ᠃ 4 ᠰᠠᠷ᠎ᠠ ᠶᠢᠨ 25᠎ ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠴᠠᠭᠤᠯᠭ᠎ᠠ ᠬᠠᠪᠰᠤᠷᠤᠯᠭ᠎ᠠ ᠪᠠᠷ᠂ ᠪᠠᠶᠠᠨᠬᠤᠰᠢᠭᠤ ᠪᠠᠯᠭᠠᠰᠤᠨ ᠤ ᠰᠢᠷᠭ᠎ᠠ ᠭᠠᠴᠠᠭᠠᠨ ᠤ ᠡᠮᠡᠭᠲᠡᠶᠢᠴᠦᠳ ᠣᠯᠠᠨ ᠲᠦᠮᠡᠨ ᠢ ᠳᠠᠶᠢᠴᠢᠯᠠᠨ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠳᠤ ᠣᠷᠣᠯᠴᠠᠪᠠ᠃    ᠪᠣᠯᠪᠠᠰᠤᠷᠠᠯ ᠤᠨ ᠠᠭᠤᠯᠭ᠎ᠠ ᠳᠤ ᠴᠣᠮᠣ ᠶᠢᠨ ᠳᠤᠭᠲᠤᠢ᠂ ᠡᠭᠦᠷᠬᠦ ᠪᠣᠭᠴᠣ᠂ ᠠᠨᠠᠷ ᠤᠨ ᠦᠷ᠎ᠡ ᠵᠡᠷᠭᠡ ᠣᠨᠴᠠᠯᠢᠭᠲᠤ ᠭᠠᠷ ᠨᠡᠬᠡᠮᠡᠯ ᠵᠡᠷᠭᠡ ᠪᠠᠭᠲᠠᠨ᠎ᠠ᠃ ᠰᠦᠯᠵᠢᠮᠡᠯ ᠪᠠᠭᠰᠢ ᠨᠢ ᠰᠦᠯᠵᠢᠮᠡᠯ ᠤᠨ ᠠᠷᠭ᠎ᠠ ᠪᠣᠯᠤᠨ ᠤᠷ᠎ᠠ ᠮᠡᠷᠭᠡᠵᠢᠯ ᠢ ᠨᠠᠷᠢᠨ ᠲᠠᠶᠢᠯᠪᠤᠷᠢᠯᠠᠬᠤ ᠪᠠᠷ ᠳᠠᠮᠵᠢᠨ᠂ ᠭᠠᠷ ᠢᠶᠠᠷ ᠫᠷᠤᠹᠧᠰᠰᠤᠷ ᠢ ᠪᠣᠳᠠᠲᠠᠢ ᠠᠵᠢᠯᠯᠠᠭᠤᠯᠬᠤ ᠠᠷᠭ᠎ᠠ ᠶᠢ ᠰᠤᠷᠴᠤ᠂ ᠰᠤᠷᠤᠭᠴᠢ ᠨᠢᠭᠡᠪᠦᠷᠢ ᠶᠢᠨ ᠪᠣᠯᠪᠠᠰᠤᠷᠠᠭᠤᠯᠤᠯ ᠢᠶᠠᠷ ᠳᠠᠮᠵᠢᠨ ᠵᠢᠩᠬᠢᠨᠢ ᠨᠢᠭᠡ ᠵᠦᠢᠯ ᠤᠨ ᠠᠳᠠᠯ ᠦᠢᠯᠡᠰ ᠴᠣᠭᠴᠠᠯᠠᠵᠤ ᠪᠣᠯᠬᠤ᠂ ᠣᠷᠣᠯᠭ᠎ᠠ ᠡᠭᠦᠳᠬᠦ ᠤᠷ᠎ᠠ ᠴᠢᠳᠠᠪᠤᠷᠢ ᠶᠢ ᠰᠤᠷᠬᠤ ᠶᠢ ᠪᠠᠲᠤᠯᠠᠬᠤ ᠬᠡᠷᠡᠭᠲᠡᠢ᠃ ᠲᠤᠰ ᠤᠳᠠᠭᠠᠨ ᠤ ᠭᠠᠷ ᠤᠷᠠᠯᠠᠯ ᠤᠨ ᠠᠵᠢᠯᠯᠠᠭ᠎ᠠ ᠨᠢ ᠭᠠᠴᠠᠭᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠯᠢᠯᠴᠠᠭ᠎ᠠ ᠬᠢᠵᠦ᠂ ᠦᠨᠳᠦᠰᠦᠲᠡᠨ ᠨᠦᠭᠦᠳ ᠤᠨ ᠰᠣᠶᠣᠯ ᠤᠯᠠᠮ ᠨᠢᠭᠡ ᠠᠯᠬᠤᠮ ᠠᠭᠤᠰᠤᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠥᠬᠦᠷᠯᠡᠯ ᠤᠯᠠᠮ ᠨᠢᠭᠡ ᠠᠯᠬᠤᠮ ᠭᠦᠨᠵᠡᠭᠡᠶᠢᠷᠡᠨ᠂ ᠤᠯᠠᠮᠵᠢᠯᠠᠯᠲᠤ ᠦᠨᠳᠦᠰᠦᠲᠡᠨ ᠤ ᠰᠣᠶᠣᠯ ᠢ ᠭᠠᠷ ᠬᠤᠯᠪᠣᠨ ᠤᠯᠠᠮᠵᠢᠯᠠᠨ ᠪᠠᠳᠠᠷᠠᠭᠤᠯᠬᠤ ᠡᠶ᠎ᠡ ᠵᠣᠬᠢᠴᠠᠯ ᠲᠠᠢ ᠪᠠᠶᠢᠳᠠᠯ ᠢᠯᠡᠷᠡᠭᠰᠡᠨ ᠪᠠᠶᠢᠨ᠎ᠠ᠃    ᠪᠠᠶᠠᠨᠬᠤᠰᠢᠭᠤ ᠪᠠᠯᠭᠠᠰᠤ ᠦᠷᠭᠦᠯᠵᠢᠯᠡᠨ ᠭᠠᠷ ᠦᠢᠯᠡᠳᠬᠡᠯ ᠤᠨ ᠭᠠᠵᠠᠷ ᠲᠤ ᠲᠦᠰᠢᠭᠯᠡᠨ᠂ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号