︽ᠠᠮᠤᠷ ᠠᠮᠤᠭᠤᠯᠠᠩ ᠡᠵᠢ︾ ᠶᠠᠩ ᠰᠢᠶᠣᠤ ᠬᠤᠸᠠ
ᠨᠡᠶᠢᠲᠡᠯᠡᠭᠰᠡᠨ ᠴᠠᠭ᠄
2024/4/26
   ᠲᠦᠯᠢᠶᠡᠮᠤᠳᠤ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠡᠮᠡᠭᠲᠡᠶᠢᠴᠦᠳ ᠤᠨ ᠬᠤᠯᠪᠣᠭ᠎ᠠ ᠲᠠᠢ ᠭᠠᠷ ᠬᠤᠯᠪᠣᠨ ︽ᠠᠮᠤᠷ ᠠᠮᠤᠭᠤᠯᠠᠩ ᠡᠵᠢ︾ ᠬᠠᠮᠢᠶᠠᠷᠤᠯᠲᠠ ᠶᠢᠨ ᠠᠩᠭᠢ ᠶᠢ ᠪᠠᠶᠢᠭᠤᠯᠪᠠ᠃ ᠡᠭᠦᠨ ᠤ ᠳᠣᠲᠣᠷᠠᠬᠢ ᠢᠳᠡᠪᠬᠢᠲᠡᠨ ᠪᠣᠯᠤᠭᠰᠠᠨ ᠤ ᠬᠤᠪᠢ ᠳᠤ᠂ ᠶᠠᠩ ᠰᠢᠶᠣᠤ ᠬᠤᠸᠠ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠯᠢ ᠣᠯᠠᠨ ᠦᠷ᠎ᠡ ᠪᠦᠲᠦᠮᠵᠢᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃    ᠶᠠᠩ ᠱᠢᠶᠣᠤ ᠬᠤᠸᠠ ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠨ᠂ ᠪᠣᠯᠪᠠᠰᠤᠨ ᠤ ᠣᠶᠢᠯᠠᠭᠠᠭᠳᠠᠬᠤᠨ ᠢ ᠲᠠᠷᠬᠠᠭᠠᠵᠤ᠂ ᠡᠶ᠎ᠡ ᠵᠣᠬᠢᠴᠠᠯ ᠲᠠᠢ ᠭᠡᠷ ᠤᠨ ᠰᠤᠷᠲᠠᠯ ᠢ ᠰᠠᠨᠠᠭᠠᠴᠢᠯᠠᠪᠠ᠃ ᠲᠠᠶᠢᠯᠤᠮᠵᠢ ᠬᠢᠬᠦ᠂ ᠰᠤᠳᠤᠯᠤᠨ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠳᠤ ᠭᠡᠷ ᠪᠦᠯᠢ ᠶᠢᠨ ᠬᠥᠮᠦᠵᠢᠯ ᠂ ᠬᠡᠦᠬᠡᠳ ᠢ ᠬᠠᠮᠠᠭᠠᠯᠠᠬᠤ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠤ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃    ︽ᠠᠮᠤᠷ ᠠᠮᠤᠭᠤᠯᠠᠩ ᠡᠵᠢ︾ ᠬᠠᠮᠢᠶᠠᠷᠤᠨ ᠬᠠᠮᠠᠭᠠᠯᠠᠬᠤ ᠠᠩᠭᠢ ᠶᠢᠨ ᠬᠢᠨ ᠪᠠᠭᠤᠷᠠᠶᠢᠴᠤᠳ ᠢ ᠬᠠᠯᠠᠮᠵᠢᠯᠠᠨ ᠬᠠᠶᠢᠷᠠᠯᠠᠬᠤ ᠠᠯᠢ ᠣᠯᠠᠨ ᠠᠵᠢᠯᠯᠠᠭ᠎ᠠ ᠥᠷᠨᠢᠭᠦᠯᠪᠡ᠃ ᠶᠠᠩ ᠰᠢᠶᠣᠤ ᠬᠤᠸᠠ ᠰᠠᠶᠢᠨ ᠳᠤᠷᠠᠴᠤᠳ ᠤᠨ ᠪᠦᠯᠬᠦᠮ ᠢ ᠳᠠᠭᠠᠭᠤᠯᠤᠨ᠂ ᠭᠠᠴᠠᠭᠠᠨ ᠤ ᠨᠠᠰᠤᠲᠠᠶᠢᠴᠤᠳ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠨ ᠦᠵᠡᠵᠦ᠂ ᠲᠡᠳᠡᠨ ᠳᠤ ᠠᠮᠢᠳᠤᠷᠠᠯ ᠤᠨ ᠲᠠᠯ᠎ᠠ ᠪᠠᠷ ᠬᠢ ᠬᠠᠪᠰᠤᠷᠤᠯᠭ᠎ᠠ ᠪᠠ ᠣᠶᠤᠨ ᠰᠠᠨᠠᠭᠠᠨ ᠤ ᠲᠠᠯ᠎ᠠ ᠶᠢᠨ ᠲᠠᠶᠢᠳᠬᠤᠷᠠᠭᠤᠯᠤᠯ ᠬᠠᠩᠭᠠᠪᠠ᠃ ᠤᠯᠠᠭᠠᠨᠬᠠᠳᠠ ᠭᠠᠴᠠᠭᠠᠨ ᠤ ᠬᠦᠴᠢᠷᠳᠡᠯ ᠳᠤ ᠲᠤᠯᠭᠠᠷᠠᠭᠰᠠᠨ ᠨᠢᠭᠡ ᠬᠤᠣᠰ ᠬᠡᠦᠬᠡᠳ ᠨᠢ ᠨᠡᠯᠢᠶᠡᠳ ᠣᠨᠴᠠᠭᠠᠢ ᠪᠠᠶᠢᠳᠠᠭ᠂ ᠲᠡᠳᠡ ᠲᠥᠷᠥᠭᠰᠡᠨ ᠤ ᠳᠠᠷᠠᠭ᠎ᠠ ︽ᠡᠷᠲᠡ ᠦᠢᠯᠡᠳᠪᠦᠷᠢᠯᠡᠭᠰᠡᠨ᠂ ᠶᠠᠰᠤ ᠪᠡᠷᠲᠡᠭᠰᠡᠨ᠂ ᠴᠢᠰᠤᠨ ᠰᠤᠳᠠᠯ ᠤᠨ ᠬᠠᠪᠤᠳᠠᠷ︾ ᠵᠡᠷᠭᠡ ᠱᠣᠰᠢᠭ᠎ᠠ ᠨᠠᠭᠠᠭᠳᠠᠵᠤ ᠂ ᠶᠠᠩ ᠰᠢᠶᠣᠤ ᠬᠤᠸᠠ ᠡᠩ ᠤᠨ ᠦᠶ᠎ᠡ ᠳᠤ ᠦᠷᠭᠦᠯᠵᠢ ᠪᠣᠯᠭᠤᠭᠠᠨ ᠲᠣᠬᠤᠨᠢᠭᠤᠯᠳᠠᠭ᠃ ᠲᠡᠷᠡ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠭᠡᠷ ᠲᠤᠨᠢ ᠣᠴᠢᠭᠤᠯᠤᠨ ᠪᠣᠯᠭᠤᠭᠠᠨ ᠲᠣᠬᠤᠨᠢᠭᠤᠯᠵᠤ᠂ ᠠᠮᠤ ᠪᠤᠳᠠᠭ᠎ᠠ᠂ ᠬᠤᠪᠴᠠᠰᠤ ᠤᠬᠢᠶᠠᠬᠤ ᠰᠢᠩᠭᠡᠨ᠂ ᠨᠢᠯᠬ᠎ᠠ ᠬᠡᠦᠬᠡᠳ ᠤᠨ ᠬᠤᠪᠴᠠᠰᠤ ᠬᠤᠨᠠᠷ ᠵᠡᠷᠭᠡ ᠡᠳ᠋ ᠪᠣᠳᠠᠰ ᠢ ᠬᠦᠷᠭᠡᠪᠡ᠃ ᠲᠡᠷᠡ ᠬᠡᠯᠡᠭᠰᠡᠨ ᠨᠢ᠄ ︽ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢ ᠪᠣᠯᠤᠭᠰᠠᠨ ᠤ ᠬᠤᠪᠢ ᠳᠤ᠂ ᠪᠢᠳᠡ ᠵᠥᠪᠬᠡᠨ ᠥᠪᠡᠷ ᠤᠨ ᠥᠴᠦᠬᠡᠨ ᠬᠦᠴᠦ ᠪᠠᠨ ᠰᠢᠪᠬᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠴᠤ᠂ ᠡᠶᠢᠮᠦ ᠠᠵᠢᠯᠯᠠᠭ᠎ᠠ ᠶᠢ ᠪᠢᠳᠡ ᠢᠮᠠᠭᠲᠠ ᠪᠠᠷᠢᠮᠲᠠᠯᠠᠬᠤ ᠪᠣᠯᠤᠨ᠎ᠠ︾᠃ ᠡᠭᠦᠨ ᠤ ᠬᠠᠮᠲᠤ᠂ ᠲᠡᠷᠡ ᠪᠠᠰᠠ ︽ᠬᠠᠶᠢᠷ᠎ᠠ ᠬᠠᠯᠠᠮᠵᠢ ᠬᠦᠷᠭᠡᠬᠦ︾ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠪᠰᠤᠷᠬᠤ ᠴᠢᠬᠤᠯᠠᠲᠠᠢ ᠮᠠᠯᠴᠢᠨ ᠲᠠᠷᠢᠶᠠᠴᠢᠨ ᠳᠤ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠬᠦᠷᠭᠡᠪᠡ᠃    ᠶᠠᠩ ᠰᠢᠶᠣᠤ ᠬᠤᠸᠠ ᠶᠢᠨ ᠳᠠᠭᠠᠭᠤᠯᠭ᠎ᠠ ᠳᠣᠣᠷ᠎ᠠ᠂ ︽ᠠᠮᠤᠷ ᠠᠮᠤᠭᠤᠯᠠᠩ ᠡᠵᠢ︾᠎ ᠶᠢᠨ ᠬᠠᠮᠢᠶᠠᠷᠤᠨ ᠬᠠᠮᠠᠭᠠᠯᠠᠬᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠳᠦᠷ ᠢᠷᠡᠬᠦᠶ᠎ᠡ ᠪᠠᠶᠠᠯᠢᠭᠵᠢᠪᠠ᠃ ᠲᠡᠭᠦᠨ ᠤ ᠠᠵᠢᠯᠯᠠᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠢᠳᠡᠪᠬᠢ ᠬᠦᠴᠦᠨ ᠢ ᠳᠠᠮᠵᠢᠭᠤᠯᠤᠭᠰᠠᠨ ᠢᠶᠠᠷ ᠪᠠᠷᠠᠬᠤ ᠦᠭᠡᠢ ᠲᠦᠯᠢᠶᠡᠮᠤᠳᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号