︽ᠪᠦᠯᠬᠦᠮ ᠪᠠᠶᠢᠭᠤᠯᠬᠤ ᠬᠡᠯᠪᠡᠷᠢ︾᠎ ᠪᠠᠷ ᠬᠠᠪᠰᠤᠷᠤᠨ ᠲᠡᠳᠬᠦᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠠᠭᠤᠷ ᠠᠮᠢᠰᠬᠤᠯ ᠢ ᠨᠠᠩ ᠥᠳᠬᠡᠨ ᠵᠤᠵᠠᠭᠠᠨ ᠪᠣᠯᠭᠠᠨ᠎ᠠ
ᠨᠡᠶᠢᠲᠡᠯᠡᠭᠰᠡᠨ ᠴᠠᠭ᠄
2024/4/26
   4 ᠰᠠᠷ᠎ᠠ ᠶᠢᠨ 19᠎ ᠤ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ᠂ ᠪᠡᠭᠡᠵᠢᠩ ᠬᠤᠲᠠ ᠶᠢᠨ ᠳ᠋ᠡ ᠰᠢᠩ ᠲᠣᠭᠤᠷᠢᠭ ᠤᠨ ᠨᠢᠭᠡᠳᠦᠭᠡᠷ ᠠᠵᠢᠯ ᠮᠡᠷᠭᠡᠵᠢᠯ ᠤᠨ ᠰᠤᠷᠭᠠᠭᠤᠯᠢ ᠠᠴᠠ ᠢᠷᠡᠭᠰᠡᠨ ᠪᠠᠭᠰᠢ ᠰᠦᠨ ᠱᠧᠦ ᠱᠤᠸᠠᠩ ᠶᠠᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠰ ᠭᠠᠵᠠᠷ ᠤᠨ ᠪᠠᠭᠰᠢ ᠨᠠᠷ ᠲᠠᠢ ᠬᠢᠴᠢᠶᠡᠯ ᠣᠷᠣᠵᠤ ᠰᠤᠳᠤᠯᠤᠨ ᠶᠠᠷᠢᠯᠴᠠᠵᠤ᠂ ᠪᠠᠭᠰᠢ ᠨᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠬᠢᠨ ᠰᠠᠶᠢᠲᠤᠷ ᠰᠤᠷᠴᠤ ᠰᠠᠶᠢᠲᠤᠷ ᠬᠡᠷᠡᠭᠯᠡᠬᠦ ᠶᠢᠨ ᠲᠣᠭᠤᠷᠢᠨ ᠳᠤ ᠢᠳᠡᠪᠬᠢᠲᠡᠢ ᠪᠠᠷ ᠦᠭᠡ ᠬᠡᠯᠡᠪᠡ᠃ ᠳᠠᠷᠠᠭ᠎ᠠ ᠨᠢ᠂ ᠰᠦᠨ ᠱᠧᠦ ᠱᠤᠸᠠᠩ ᠤᠨ ᠳᠠᠭᠠᠭᠤᠯᠭ᠎ᠠ ᠳᠣᠣᠷ᠎ᠠ᠂ ᠬᠠᠪᠰᠤᠷᠤᠨ ᠲᠡᠳᠬᠦᠬᠦ ᠪᠦᠯᠬᠦᠮ ᠪᠠᠭᠰᠢ ᠨᠢᠭᠡᠪᠦᠷᠢ ᠶᠢᠨ ᠬᠢᠴᠢᠶᠡᠯ ᠵᠢᠭᠠᠬᠤ ᠣᠨᠴᠠᠯᠢᠭ ᠲᠤ ᠴᠢᠭᠯᠡᠭᠦᠯᠦᠨ ᠬᠠᠨᠳᠤᠯᠭᠠᠲᠤ ᠴᠢᠨᠠᠷᠲᠠᠢ ᠰᠠᠶᠢᠵᠢᠷᠠᠭᠤᠯᠬᠤ ᠰᠠᠨᠠᠯ ᠳᠤᠷᠠᠳᠴᠠᠢ᠃    ︽︿ᠪᠦᠯᠬᠦᠮ ᠪᠠᠶᠢᠭᠤᠯᠬᠤ ᠬᠡᠯᠪᠡᠷᠢ﹀᠎ ᠶᠢᠨ ᠬᠠᠪᠰᠤᠷᠤᠨ ᠲᠡᠳᠬᠦᠬᠦ ᠪᠦᠯᠬᠦᠮ ᠤᠨ ᠪᠠᠭᠰᠢ ᠨᠠᠷ ᠤᠨ ᠵᠢᠱᠢᠶ᠎ᠡ ᠦᠵᠡᠭᠦᠯᠬᠦ ᠬᠢᠴᠢᠶᠡᠯ ᠢᠶᠠᠷ ᠳᠠᠮᠵᠢᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠬᠡᠷᠡᠭᠯᠡᠬᠦ ᠪᠣᠯ ᠪᠠᠭᠰᠢ ᠶᠢᠨ ᠵᠢᠭᠠᠨ ᠰᠤᠷᠭᠠᠯᠲᠠ ᠶᠢᠨ ᠴᠢᠬᠤᠯᠠ ᠨᠥᠬᠦᠴᠡᠯ ᠪᠣᠯᠬᠤ ᠶᠢ ᠪᠢ ᠭᠦᠨᠵᠡᠭᠡᠢ ᠮᠡᠳᠡᠷᠡᠵᠦ ᠪᠠᠶᠢᠨ᠎ᠠ᠃ ᠬᠤᠶᠢᠰᠢᠳᠠ ᠶᠢᠨ ᠵᠢᠭᠠᠨ ᠰᠤᠷᠭᠠᠯᠲᠠ ᠶᠢᠨ ᠶᠠᠪᠤᠴᠠ ᠳᠤ᠂ ᠪᠢ ᠥᠪᠡᠷ ᠤᠨ ᠵᠢᠭᠠᠨ ᠰᠤᠷᠭᠠᠯᠲᠠ ᠳᠤ ᠬᠡᠷᠡᠭᠯᠡᠬᠦ ᠦᠭᠡ ᠬᠡᠯᠡᠯᠭᠡ ᠪᠠᠨ ᠴᠢᠬᠤᠯᠠᠴᠢᠯᠠᠬᠤ ᠶᠢᠨ ᠬᠠᠮᠲᠤ ᠰᠤᠷᠤᠭᠴᠢᠳ ᠢ ᠬᠠᠪᠰᠤᠷᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠭᠤᠯᠤᠨ᠎ᠠ︾ ᠭᠡᠵᠦ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠦ᠋ ᠱᠤᠸᠠᠩ ᠶᠠᠨ ᠬᠡᠯᠡᠬᠦ ᠳᠡᠭᠡᠨ᠂ ᠬᠢᠴᠢᠶᠡᠯ ᠰᠤᠳᠤᠯᠤᠨ ᠶᠠᠷᠢᠯᠴᠠᠬᠤ ᠠᠴᠠ ᠭᠠᠳᠠᠨ᠎ᠠ ᠪᠡᠭᠡᠵᠢᠩ ᠠᠴᠠ ᠢᠷᠡᠭᠰᠡᠨ ᠪᠠᠭᠰᠢ ᠨᠠᠷ ᠲᠤ ᠪᠠᠰᠠ ᠦᠷᠭᠦᠯᠵᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠪᠣᠯᠪᠠᠰᠤᠷᠠᠭᠤᠯᠤᠯ ᠥᠷᠨᠢᠭᠦᠯᠵᠦ᠂ ᠪᠣᠯᠪᠠᠰᠤᠷᠠᠭᠤᠯᠤᠯ ᠤᠨ ᠶᠠᠪᠤᠴᠠ ᠳᠤ᠂ ᠲᠡᠳᠡᠨ ᠢ ᠬᠠᠪᠰᠤᠷᠤᠨ ᠲᠠᠶᠢᠯᠪᠤᠷᠢᠯᠠᠬᠤ᠂ ᠦᠵᠡᠭᠦᠯᠦᠨ ᠦᠵᠡᠭᠦᠯᠬᠦ᠂ ᠬᠠᠷᠢᠯᠴᠠᠨ ᠬᠥᠳᠡᠯᠦᠯᠴᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠨᠡᠩ ᠰᠠᠶᠢᠲᠤᠷ ᠣᠶᠢᠯᠠᠭᠠᠨ ᠡᠵᠡᠮᠰᠢᠭᠦᠯᠵᠦ ᠪᠠᠶᠢᠨ᠎ᠠ ᠭᠡᠵᠡᠢ᠃    ︽ᠪᠢᠳᠡ ᠵᠢᠱᠢᠶ᠎ᠡ ᠦᠵᠡᠭᠦᠯᠬᠦ ᠬᠢᠴᠢᠶᠡᠯ ᠤᠨ ᠲᠠᠶᠢᠯᠤᠮᠵᠢ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠵᠢᠴᠢ ᠬᠢᠴᠢᠶᠡᠯ ᠰᠣᠨᠣᠰᠬᠤ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠭᠦᠨ ᠵᠤᠵᠠᠭᠠᠨ ᠬᠡᠷᠡᠭᠯᠡᠬᠦ ᠠᠭᠤᠷ ᠠᠮᠢᠰᠬᠤᠯ ᠢ ᠪᠤᠢ ᠪᠣᠯᠭᠠᠨ᠎ᠠ︾ ᠬᠡᠵᠤ ᠰᠦᠨ ᠱᠧᠦ ᠱᠤᠸᠠᠩ ᠬᠡᠯᠡᠪᠡ᠃    ᠦᠭᠡ ᠬᠡᠯᠡ ᠬᠠᠷᠢᠯᠴᠠᠨ ᠨᠡᠪᠲᠡᠷᠡᠯᠴᠡᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠤᠷᠢᠲᠠᠯ ᠪᠠ ᠰᠠᠭᠤᠷᠢ ᠮᠥᠨ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠴᠢᠩᠭᠠᠳᠬᠠᠬᠤ ᠶᠢᠨ ᠲᠥᠯᠥᠭᠡ᠂ ᠪᠡᠭᠡᠵᠢᠩ ᠬᠤᠲᠠ ᠶᠢᠨ ᠮᠠᠰᠢ ᠣᠯᠠᠨ ᠰᠢᠯᠢᠳᠡᠭ ᠪᠠᠭᠰᠢ ᠲᠡᠷᠢᠭᠦᠨ ᠤ ᠲᠤᠷᠰᠢᠯᠭ᠎ᠠ ᠠᠷᠭ᠎ᠠ ᠪᠠ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠡᠪᠦᠷᠯᠡᠨ᠂ ᠵᠢᠱᠢᠶ᠎ᠡ ᠦᠵᠡᠭᠦᠯᠬᠦ ᠬᠢᠴᠢᠶᠡᠯ ᠶᠠᠷᠢᠬᠤ᠂ ᠬᠠᠮᠲᠤ ᠶᠢᠨ ᠵᠢᠭᠠᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠭᠰᠢ ᠲᠠᠢ ᠬᠠᠷᠢᠯᠴᠠᠨ ᠬᠠᠪᠰᠤᠷᠤᠯᠴᠠᠵᠤ᠂ ︽ᠬᠡᠦᠬᠡᠳ︾᠎ ᠤᠨ ᠦᠭᠡ ᠬᠡᠯᠡ ᠶᠢᠨ ᠠᠳᠠᠯᠢ ᠠᠪᠢᠶᠠᠨ ᠤ ᠲᠥᠯᠥᠪᠯᠡᠭᠡ ᠶᠢᠨ ᠪᠠᠭᠰᠢ ᠶᠢᠨ ᠪᠣᠯᠪᠠᠰᠤᠷᠠᠭᠤᠯᠤᠯ ᠪᠠ ᠪᠢᠴᠢᠭ ᠤᠨ ᠰᠤᠷᠪᠤᠯᠵᠢᠲᠤ ᠲᠠᠯ᠎ᠠ ᠨᠤᠲᠤᠭ ᠤᠨ ᠰᠣᠩᠭᠤᠳᠠᠭ ᠵᠣᠬᠢᠶᠠᠯ ᠢ ᠤᠩᠰᠢᠬᠤ ᠵᠡᠷᠭᠡ ᠠᠵᠢᠯᠯᠠᠭ᠎ᠠ ᠳᠤ ᠣᠷᠣᠯᠴᠠᠵᠤ᠂ ︽ᠨᠡᠶᠢᠲᠡᠯᠢᠭ ᠬᠡᠯᠡ ᠶᠢ ᠰᠠᠶᠢᠲᠤᠷ ᠶᠠᠷᠢᠵᠤ᠂ ᠵᠢᠷᠤᠮᠵᠢᠭᠰᠠᠨ ᠦᠰᠦᠭ ᠢ ᠰᠠᠶᠢᠲᠤᠷ ᠪᠢᠴᠢᠭᠯᠡᠶ᠎ᠡ︾ ᠭᠡᠬᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠭᠤᠯᠢ ᠶᠢᠨ ᠬᠦᠷᠢᠶᠡᠨ ᠳᠤ ᠬᠡᠪ ᠵᠠᠩᠰᠢᠯ ᠪᠣᠯᠤᠭᠰᠠᠨ ᠪᠠᠶᠢᠨ᠎ᠠ᠃    ᠡᠨᠡ ᠵᠢᠯ ᠠᠴᠠ ᠨᠠᠰᠢ᠂ ᠪᠡᠭᠡᠵᠢᠩ ᠤᠨ ᠨᠢᠭᠡ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ᠂ ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠨᠡᠶᠢᠲᠡ 22 ᠪᠠᠭᠰᠢ ᠶᠢ ᠰᠣᠩᠭᠤᠨ ᠲᠣᠮᠢᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠴᠢᠳᠠᠪᠤᠷᠢᠲᠠᠨ ᠤ ︽ᠵᠠᠭᠤ ᠮᠢᠩᠭ᠎ᠠ ᠲᠦᠮᠡ︾ ᠢᠨᠵᠧᠨᠧᠷᠢᠩ ᠢᠶᠠᠷ ᠳᠠᠮᠵᠢᠭᠤᠯᠤᠨ᠂ ᠬᠤᠣᠰᠯᠠᠨ ᠬᠠᠪᠰᠤᠷᠤᠨ ᠲᠡᠳᠬᠦᠬᠦ ᠪᠠᠭᠰᠢ 403 ᠬᠥᠮᠦᠨ᠂ ᠡᠭᠦᠨ ᠳᠤ ᠰᠢᠨ᠎ᠡ ᠪᠠᠷ ᠬᠤᠣᠰᠯᠠᠨ ᠬᠠᠪᠰᠤᠷᠤᠨ ᠳᠠᠭᠠᠭᠤᠯᠬᠤ ᠪᠠᠭᠰᠢ 53 ᠬᠥᠮᠦᠨ᠂ ᠬᠢᠩᠭᠠᠨ ᠠᠶᠢᠮᠠᠭ ᠤᠨ ᠳᠡᠰ ᠤᠨ ︽ᠨᠡᠷᠡᠲᠦ ᠪᠠᠭᠰᠢ ᠶᠢᠨ ᠠᠵᠢᠯᠯᠠᠬᠤ ᠲᠠᠰᠤᠭ︾ 13᠂ ᠰᠤᠷᠭᠠᠭᠤᠯᠢ ᠶᠢᠨ ᠳᠡᠰ ᠤᠨ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ 4 ᠪᠠᠶᠢᠭᠤᠯᠵᠤ᠂ ᠨᠡᠶᠢᠲᠡ 440 ᠤᠳᠠᠭ᠎ᠠ᠂ 269 ᠤᠳᠠᠭ᠎ᠠ ᠬᠢᠴᠢᠶᠡᠯ ᠰᠣᠨᠣᠰᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠧᠩ ᠬᠠᠢ ᠶᠦᠨ᠄ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠣᠩᠭᠤᠨ ᠲᠣᠮᠢᠯᠠᠭᠰᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ᠪᠦᠯᠬᠦᠮ ᠨᠡᠶᠢᠲᠡ ᠪᠠ ᠲᠤᠰᠠᠯᠠᠮᠵᠢ ᠬᠦᠷᠲᠡᠬᠦ ᠰᠤᠷᠭᠠᠭᠤᠯᠢ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠬᠠᠷᠠᠯᠲᠠ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠨ᠂ ᠮᠠᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ᠂ ᠪᠠᠭᠰᠢ ᠶᠢᠨ ᠡᠩᠨᠡᠭᠡ ᠶᠢᠨ ᠴᠢᠳᠠᠪᠤᠷᠢ᠂ ᠰᠤᠷᠤᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠵᠡᠷᠭᠡ ᠳᠥᠷᠪᠡᠨ ᠲᠠᠯ᠎ᠠ ᠶᠢᠨ ᠠᠵᠢᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠤᠯᠤᠰ ᠤᠨ ᠲᠦᠩ ᠬᠡᠯᠡ ᠪᠢᠴᠢᠭ ᠤᠨ ᠵᠢᠭᠠᠨ ᠰᠤᠷᠭᠠᠯᠲᠠ ᠨᠢ ᠨᠡᠩ ᠶᠠᠰᠤ ᠴᠢᠨᠠᠷ ᠲᠠᠢ ᠪᠣᠯᠵᠠᠢ︾ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号